ᠸᠠᠩ ᠯᠢ ᠰᠢᠶᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠥᠭᠴᠦ ᠰᠢᠢᠳᠪᠦᠷᠢᠯᠡᠬᠦᠯᠦᠭᠰᠡᠨ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠤᠯᠤᠰ ᠲᠦᠷᠦ ᠶᠢᠨ ᠲᠠᠯ᠎ᠠ ᠠᠴᠠ ᠦᠵᠡᠵᠥ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠵᠥ ᠴᠡᠭᠴᠡᠯᠡᠨ ᠰᠠᠶᠢᠵᠢᠷᠠᠭᠤᠯᠤᠭᠰᠠᠨ ᠶᠠᠪᠤᠴᠠ ᠶᠢ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠯᠭᠠᠬᠤ ᠶᠠᠪᠤᠴᠠ ᠪᠣᠯᠭᠠᠵᠥ ᠠᠵᠢᠯ ᠢᠶᠠᠨ ᠰᠠᠶᠢᠵᠢᠷᠠᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠠᠪᠤᠴᠠ ᠪᠣᠯᠭᠠᠬᠤ ᠬᠡᠷᠡᠭᠳᠡᠢ ᠭᠡᠵᠦ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2022/4/2
     4 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠥᠭᠴᠦ ᠰᠢᠢᠳᠪᠦᠷᠢᠯᠡᠬᠦᠯᠦᠭᠰᠡᠨ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠲᠡᠷᠡ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠯᠭᠠᠬᠤ ᠶᠠᠪᠤᠴᠠ ᠪᠣᠯᠭᠠᠵᠤ᠂ ᠠᠵᠢᠯ ᠢᠶᠠᠨ ᠰᠠᠶᠢᠵᠢᠷᠠᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠠᠪᠤᠴᠠ ᠪᠣᠯᠭᠠᠬᠤ ᠬᠡᠷᠡᠭᠲᠡᠢ ᠬᠡᠵᠥ ᠴᠢᠬᠤᠯᠠᠴᠢᠯᠠᠪᠠ᠃     ᠸᠠᠩ ᠯᠢ ᠰᠢᠶᠠ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠠᠬᠢᠭᠤᠯᠵᠤ᠂ ᠪᠡᠶ᠎ᠡ ᠪᠠᠷ ᠢᠶᠠᠨ ᠨᠠᠶᠢᠳᠠᠪᠤᠷᠢᠵᠢᠭᠤᠯᠤᠯᠳᠠ ᠶᠢ ᠱᠠᠯᠠᠪᠳᠠᠭᠤᠯᠤᠬᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠲᠦᠷᠢᠮ ᠤᠨ ᠲᠣᠬᠢᠷᠠᠭᠤᠯᠤᠯᠲᠠ ᠮᠥᠨ᠂ ᠢᠮᠠᠬᠳᠠ ︽ᠬᠤᠶᠠᠷ ᠬᠠᠯᠬᠠᠪᠴᠢ︾ ᠶᠢ ᠪᠠᠲᠤ ᠴᠣᠭᠴᠠᠯᠠᠬᠤ ᠦᠨᠳᠦᠷᠴᠡ ᠳᠤ ᠵᠣᠭᠰᠣᠵᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠥᠭᠴᠦ ᠰᠢᠶ᠋ᠳᠪᠦᠷᠢᠯᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠣᠯᠤᠨ ᠬᠠᠳᠬᠤᠮᠠᠯ ᠬᠠᠳᠬᠤᠬᠤ ᠡᠷᠳᠡᠮ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠷᠠᠳ ᠣᠯᠠᠨ ᠤ ᠰᠠᠶᠢᠨ ᠰᠠᠶᠢᠬᠠᠨ ᠠᠮᠢ ᠠᠬᠤᠶ ᠣᠷᠴᠢᠨ ᠲᠣᠭᠤᠷᠢᠨ ᠤ ᠲᠤᠬᠠᠶ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠸᠠᠩ ᠯᠢ ᠰᠢᠶᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠷᠢᠭᠲᠠᠶ ᠪᠠᠷ ᠬᠠᠲᠠᠭᠤ ᠲᠠᠢ ᠨᠢ ᠬᠠᠯᠳᠠᠵᠤ᠂ ᠲᠡᠮᠦᠷ ᠮᠡᠲᠦ ᠬᠠᠲᠠᠭᠤ ᠵᠣᠷᠢᠭ᠂ ᠲᠡᠮᠦᠷ ᠮᠡᠲᠦ ᠬᠠᠲᠠᠭᠤ ᠠᠷᠭ᠎ᠠ ᠬᠡᠮᠵᠢᠶ᠎ᠡ᠂ ᠲᠡᠮᠦᠷ ᠮᠡᠲᠦ ᠬᠠᠲᠠᠭᠤ ᠰᠠᠬᠢᠯᠭ᠎ᠠ ᠪᠠᠲᠤ ᠪᠠᠷ ᠰᠢᠯᠵᠢᠭᠦᠯᠦᠨ ᠦᠭᠴᠤ ᠰᠢᠶ᠋ᠳᠪᠦᠷᠢᠯᠡᠬᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠲᠦᠷᠭᠡᠨ ᠪᠥᠭᠡᠳ ᠥᠨᠳᠥᠷ ᠪᠦᠲᠦᠮᠵᠢᠲᠡᠢ ᠠᠳᠬᠤᠵᠤ᠂ ᠲᠡᠷᠡ ᠳᠠᠷᠤᠢ ᠳᠤᠨᠢ ᠰᠢᠯᠵᠢᠭᠦᠯᠦᠨ ᠥᠭᠴᠦ ᠰᠢᠢᠳᠪᠦᠷᠢᠯᠡᠬᠦᠯᠵᠥ᠂ ᠲᠡᠷᠡ ᠳᠠᠷᠤᠢ ᠳᠤᠨᠢ ᠬᠠᠷᠭᠤᠭᠤᠯᠤᠨ ᠪᠠᠶᠢᠴᠠᠭᠠᠵᠤ᠂ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠭᠤᠭᠴᠤᠭ᠎ᠠ ᠪᠦᠷᠢ ᠳᠤ ᠬᠦᠯᠢᠶᠡᠵᠦ ᠪᠣᠯᠬᠤ ᠦᠭᠡᠢ᠂ ᠬᠤᠶᠢᠰᠢᠯᠠᠭᠤᠯᠵᠤ ᠪᠣᠯᠬᠤ ᠦᠭᠡᠢ᠃ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠵᠦᠢᠯ ᠳᠠᠷᠠᠭᠠᠯᠠᠨ ᠪᠣᠳᠠᠲᠤ ᠶᠠᠪᠤᠳᠠᠯ ᠢ ᠪᠠᠶᠢᠴᠠᠭᠠᠨ ᠲᠤᠳᠤᠯᠠᠵᠤ᠂ ᠵᠦᠢᠯ ᠳᠠᠷᠠᠭᠠᠯᠠᠨ ᠵᠥᠪᠳᠡᠯᠴᠡᠨ ᠰᠤᠳᠤᠯᠵᠤ᠂ ᠵᠦᠢᠯ ᠳᠠᠷᠠᠭᠠᠯᠠᠨ ᠲᠥᠰᠦᠯ ᠲᠣᠭᠲᠠᠭᠠᠵᠤ ᠂ ᠵᠦᠢᠯ ᠳᠠᠷᠠᠭᠠᠯᠠᠨ ᠵᠠᠳᠠᠯᠤᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠦᠨᠡᠨ ᠬᠦ ᠲᠤᠰᠠᠲᠠᠢ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠨᠢᠭᠡ ᠠᠴᠠ ᠨᠥᠭᠦᠭᠡ ᠶᠢ ᠵᠦᠶ᠋ᠴᠢᠯᠡᠨ ᠮᠡᠳᠡᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠡᠨᠡ ᠤᠳᠠᠭ᠎ᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠰᠢᠯᠵᠢᠭᠦᠯᠦᠨ ᠲᠤᠰᠢᠶᠠᠵᠥ ᠰᠢᠢᠳᠪᠦᠷᠢᠯᠡᠬᠦᠯᠦᠭᠰᠡᠨ ᠬᠡᠷᠡᠭ ᠪᠣᠯᠤᠨ ᠡᠮᠦᠨᠡᠬᠢ ᠬᠤᠭᠤᠴᠠᠭᠠᠨ ᠤ ᠵᠢᠭᠰᠠᠭᠠᠨ ᠪᠠᠶᠢᠴᠠᠭᠠᠯᠲᠠ ᠳᠤ ᠢᠯᠡᠷᠡᠭᠦᠯᠦᠭᠰᠡᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠶᠡᠷᠦᠩᠬᠡᠶᠢᠯᠡᠨ ᠨᠡᠶᠢᠳᠬᠡᠵᠥ᠂ ᠪᠥᠬᠦ ᠲᠠᠯ᠎ᠠ ᠪᠠᠷ ᠰᠤᠳᠤᠯᠤᠨ ᠡᠮᠬᠢᠯᠡᠵᠦ᠂ ᠬᠦᠴᠦᠲᠡᠶ ᠪᠦᠲᠦᠮᠵᠢᠲᠡᠶ ᠰᠢᠶ᠋ᠳᠪᠦᠷᠢᠯᠡᠬᠦ ᠬᠡᠷᠡᠭᠲᠡᠶ᠃ ᠳᠡᠭᠡᠳᠦ ᠳᠤᠤᠷᠠᠳᠤ ᠱᠠᠲᠤ ᠬᠠᠮᠵᠢᠯᠴᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠬᠠᠮᠵᠢᠯᠴᠠᠨ ᠠᠬᠢᠭᠤᠯᠬᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠤᠯᠠᠨ ᠲᠦᠮᠡᠨ ᠤ ᠲᠤᠮᠳᠠ ᠭᠦᠨᠵᠡᠭᠡᠶᠢᠷᠡᠨ ᠬᠡᠷᠡᠭ ᠤᠨ ᠦᠨᠡᠨ ᠪᠤᠳᠠᠳᠤ ᠪᠠᠶᠢᠳᠠᠯ ᠢ ᠪᠠᠶᠢᠴᠠᠭᠠᠨ ᠲᠤᠳᠤᠯᠠᠵᠤ᠂ ᠤᠯᠠᠨ ᠲᠦᠮᠡᠨ ᠢᠶᠠᠷ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠬᠢᠨᠠᠯᠲᠠ ᠲᠠᠯᠪᠢᠭᠤᠯᠵᠤ᠂ ᠤᠯᠠᠨ ᠲᠦᠮᠡᠨ ᠢ ᠬᠠᠨᠤᠮᠵᠢᠲᠠᠢ ᠪᠠᠶᠢᠯᠭᠠᠵᠤ᠂ ᠤᠯᠠᠨ ᠲᠦᠮᠡᠨ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ ᠬᠡᠵᠥ ᠴᠢᠬᠤᠯᠠᠴᠢᠯᠠᠪᠠ᠃     ᠸᠠᠩ ᠯᠢ ᠰᠢᠶᠠ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠥᠪ ᠴᠢᠩᠭ᠎ᠠ ᠪᠣᠯᠭᠠᠵᠤ᠂ ᠡᠯ᠎ᠡ ᠠᠶᠢᠮᠠᠭ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠡᠷᠡᠭ ᠢ ᠰᠢᠢᠳᠪᠦᠷᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠭᠤᠣᠯ ᠬᠠᠷᠢᠭᠤᠴᠠᠯᠭᠠᠲᠠᠨ ᠨᠥᠬᠦᠳ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠡᠭᠦᠷᠭᠡ ᠶᠢ ᠬᠦᠴᠦᠲᠡᠢ ᠪᠦᠲᠦᠮᠵᠢᠲᠡᠢ ᠨᠠᠶᠢᠳᠠᠪᠤᠷᠢᠵᠢᠭᠤᠯᠬᠤ ᠬᠡᠷᠡᠭᠲᠡᠢ᠃ ᠱᠠᠯᠠᠪᠳᠠᠭᠤᠯᠤᠨ ᠵᠢᠯᠣᠭᠤᠳᠴᠤ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠬᠡᠯ ᠤᠨ ᠰᠤᠭᠤᠴᠢᠨ ᠪᠠᠶᠢᠴᠠᠭᠠᠬᠤ ᠶᠢ ᠳᠠᠭᠠᠭᠠᠵᠤ ᠳᠡᠶᠢᠯᠬᠦ᠂ ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ᠲᠤᠰ ᠡᠭᠡᠯᠵᠢ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠰᠢᠯᠵᠢᠭᠦᠯᠦᠨ ᠦᠭᠴᠤ ᠰᠢᠢᠳᠪᠦᠷᠢᠯᠡᠬᠦᠯᠦᠭᠰᠡᠨ ᠬᠡᠷᠡᠭ ᠢ ᠰᠢᠢᠳᠪᠦᠷᠢᠯᠡᠬᠦ ᠪᠠ ᠳᠠᠷᠠᠭᠠᠴᠢ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃     ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠠᠶᠢᠮᠠᠭ ᠬᠤᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号