ᠮᠠᠨ ᠤ ᠰᠢᠶᠠᠨ ᠶᠡᠷᠥᠩᠬᠡᠢ ᠪᠡᠯᠡ ᠣᠷᠣᠭᠤᠯᠣᠯᠲᠠ ᠨᠢ 100 ᠳ᠋ᠦᠩᠰᠢᠭᠤᠷ ᠲᠥᠭᠦᠷᠢᠭ ᠤᠨ ᠬᠡᠷᠡᠯ ᠤᠨ ᠴᠡᠨᠡᠭ᠂ ᠰᠠᠯᠬᠢᠨ ᠬᠦᠴᠦᠨ ᠤ ᠴᠠᠬᠢᠯᠭᠠᠨ ᠤ ᠨᠡᠭᠡᠭᠡᠨ ᠬᠥᠭᠵᠢᠭᠦᠯᠦᠯᠲᠡ ᠶᠢᠨ ᠲᠥᠷᠥᠯ ᠵᠦᠢᠯ ᠲᠠᠢ ᠤᠷᠤᠭᠰᠢᠲᠠᠢ ᠪᠠᠷ ᠭᠡᠷ᠎ᠡ ᠳᠣᠭᠲᠠᠪᠠ
ᠨᠡᠶᠢᠲᠡᠯᠡᠭᠰᠡᠨ ᠴᠠᠭ᠄
2022/4/22
      ᠣᠶᠢᠷ᠎ᠠ ᠳᠤ᠂ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠳᠤᠮᠳᠠᠳᠤ ᠤᠯᠤᠰ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠪᠡᠭᠡᠵᠢᠩ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠤᠷᠤᠭᠰᠢᠲᠠᠢ ᠪᠠᠷ ᠭᠡᠷ᠎ᠡ ᠳᠣᠭᠲᠠᠵᠠᠢ᠃ ᠭᠡᠷ᠎ᠡ ᠲᠣᠭᠲᠠᠭᠰᠠᠨ ᠲᠥᠷᠥᠯ ᠵᠦᠢᠯ ᠨᠢ ᠶᠡᠷᠦᠩᠬᠡᠢ ᠪᠡᠯᠡ ᠣᠷᠣᠭᠤᠯᠤᠯᠲᠠ ᠨᠢ 100 ᠳ᠋ᠦᠩᠰᠢᠭᠤᠷ ᠲᠥᠭᠦᠷᠢᠭ ᠤᠨ ᠬᠡᠷᠡᠯ ᠤᠨ ᠴᠡᠨᠡᠭ᠂ ᠰᠠᠯᠬᠢᠨ ᠬᠦᠴᠦᠨ ᠤ ᠴᠠᠬᠢᠯᠭᠠᠨ ᠤ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ᠎ᠠ᠂ ᠬᠡᠷᠡᠯ ᠤᠨ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠵᠢᠱᠢᠭᠰᠡᠨ ᠬᠡᠪᠴᠢᠶ᠎ᠡ ᠨᠢ ᠪᠠᠷᠤᠭ 1.5 GW ᠪᠠᠶᠢᠵᠤ᠂ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠵᠢᠱᠢᠯᠲᠡ ᠨᠢ 0.5 GW ᠪᠣᠯᠣᠨ᠎ᠠ᠃ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠭᠠᠶᠢᠯᠢ ᠶᠢᠨ ᠣᠷᠣᠯᠭ᠎ᠠ ᠨᠢ ᠪᠠᠷᠤᠭ 2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 35 ᠳ᠋ᠦᠩᠰᠢᠭᠤᠷ kWh ᠳᠤ ᠬᠦᠷᠴᠦ᠂ ᠵᠢᠯ ᠳᠤ ᠪᠠᠷᠢᠮᠵᠢᠶᠠᠲᠤ ᠨᠡᠭᠦᠷᠡᠰᠦ ᠶᠢ 100 ᠲᠦᠮᠡ ᠭᠠᠷᠤᠢ ᠲᠣᠨ ᠠᠷᠪᠢᠯᠠᠵᠤ᠂ ᠦᠨᠡᠰᠦᠨ ᠰᠢᠭᠠᠷᠤ᠂ ᠣᠲᠤᠭ᠎ᠠ ᠲᠣᠭᠤᠰᠣ ᠵᠢᠴᠢ ᠬᠠᠶᠠᠭᠳᠠᠮᠠᠯ ᠤᠰᠤᠨ ᠤ ᠭᠠᠳᠠᠭᠰᠢᠯᠠᠭᠤᠯᠤᠯᠲᠠ ᠶᠢ ᠶᠡᠬᠡᠪᠡᠷ ᠪᠠᠭᠠᠰᠬᠠᠵᠤ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠷ᠎ᠡ ᠠᠰᠢᠭ ᠢᠯᠡᠷᠬᠡᠢ ᠪᠣᠯᠣᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号