ᠮᠠᠨ ᠤ ᠰᠢᠶᠠᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ | ᠵᠢᠴᠢ ︽ᠡᠷᠬᠢᠨ ᠪᠠᠶᠢᠴᠠᠭᠠᠯᠲᠠ︾ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠰᠢᠢᠳᠪᠦᠷᠢᠯᠡᠨ᠂ | ᠪᠣᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ᠃ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠨᠣᠷᠮ᠎ᠠ ᠶᠢ 92% ᠠᠴᠠ | ᠳᠡᠭᠡᠭᠰᠢ ᠪᠠᠶᠢᠯᠭᠠᠨ᠂ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ | ᠲᠣᠭᠲᠠᠭᠠᠯ ᠠᠴᠠ ᠵᠥᠷᠢᠴᠡᠨ ᠤᠰᠤ ᠲᠠᠲᠠᠭᠰᠠᠨ 57 ᠬᠤᠳᠳᠤᠭ ᠢ ᠬᠠᠭᠠᠵᠤ ᠵᠣᠭᠰᠣᠭᠠᠨ᠂ ᠠᠮᠢᠳᠤᠷᠠᠯ ᠤᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠭᠠᠷᠭᠠᠭᠰᠠᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠪᠡ᠃ 12 ᠪᠣᠬᠢᠷᠳᠤᠯ ᠦᠭᠡᠢ | ᠠᠭᠤᠷᠬᠠᠢ ᠶᠢ ᠡᠭᠦᠳᠦᠨ ᠪᠠᠶᠢᠭᠤᠯᠵᠤ᠂ 15 ᠡᠵᠡᠨ ᠦᠭᠡᠢ ᠠᠭᠤᠷᠬᠠᠢ ᠳᠤ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠵᠠᠰᠠᠯᠲᠠ ᠶᠢ ᠪᠡᠶᠡᠯᠡᠭᠦᠯᠵᠡᠢ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠬᠦ ᠶᠢ 4.7 | ᠲᠦᠮᠡᠨ ᠮᠦ ᠪᠡᠶᠡᠯᠡᠭᠦᠯᠵᠦ᠂ 8 ᠲᠦᠮᠡᠨ ᠮᠦ ᠳᠣᠣᠷ᠎ᠠ ᠠᠰᠢᠭᠲᠦ ᠤᠢ ᠰᠢᠭᠤᠢ ᠶᠢ ᠦᠭᠡᠷᠴᠢᠯᠡᠨ᠂ 4.3 ᠲᠦᠮᠡᠨ | ᠮᠦ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠵᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ᠂ | ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠤᠣᠰ | ᠳᠡᠭᠡᠭᠰᠢᠯᠡᠯᠲᠡ ᠶᠢ ᠪᠡᠶᠡᠯᠡᠭᠦᠯᠵᠦ᠂ ᠲᠤᠰ ᠲᠤᠰ 41.4% ᠪᠠ 50% ᠳᠤ ᠬᠦᠷᠭᠡᠪᠡ᠃ |