ᠯᠢᠨᠰᠢ ᠰᠢᠶᠠᠨ ᠭᠤᠷᠪᠠᠨ ᠠᠷᠭ᠎ᠠ ᠬᠡᠮᠵᠢᠶ᠎ᠡ ᠪᠠᠷ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/4/29
      ᠨᠢᠭᠡ ᠳᠤ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠶᠢ ᠭᠦᠨᠵᠡᠭᠡᠢ ᠲᠦᠯᠬᠢᠨ ᠠᠬᠢᠭᠤᠯᠪᠠ᠃ ᠨᠠᠰᠤᠲᠠᠶᠢᠴᠤᠳ ᠤᠨ ᠨᠥᠬᠦᠷᠰᠡᠭ ᠡᠮᠴᠢᠯᠡᠭᠡᠨ ᠤ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ︽ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠬᠠᠷᠠᠭᠠᠯᠵᠠᠨ ᠠᠰᠠᠷᠠᠬᠤ︾ ᠭᠤᠷᠪᠠ ᠶᠢ ᠨᠢᠭᠡ ᠴᠣᠭᠴᠠᠵᠢᠭᠤᠯᠤᠭᠰᠠᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠵᠠᠭᠪᠤᠷ ᠢ ᠬᠦᠴᠦᠯᠡᠨ  ᠪᠠᠶᠢᠭᠤᠯᠪᠠ᠃ ᠣᠳᠣᠬᠠᠨ ᠳᠤ᠂ ᠮᠠᠨ ᠤ ᠰᠢᠶᠠᠨ ᠤ 7 ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ 71 ᠬᠥᠳᠡᠭᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠤᠨ ᠨᠡᠶᠢᠲᠡ 2639 ᠬᠥᠮᠥᠨ ᠴᠥᠮ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠭᠡᠷ᠎ᠡ ᠲᠣᠭᠲᠠᠭᠰᠠᠨ ᠪᠠᠶᠢᠨ᠎ᠠ᠃      ᠬᠤᠶᠠᠷ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠢᠳᠡᠪᠬᠢᠲᠡᠢ ᠪᠠᠷ ᠪᠠᠶᠢᠭᠤᠯᠪᠠ᠃ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ᠂ ᠮᠥᠷᠳᠡᠨ ᠳᠠᠭᠠᠵᠤ ᠰᠤᠷᠪᠤᠯᠵᠢᠯᠠᠬᠤ ᠶᠢ ᠴᠢᠩᠭᠠᠳᠬᠠᠨ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠪᠠ᠃ ︽ᠠᠮᠠᠨ ᠬᠥᠨᠳᠡᠢ ᠶᠢᠨ ᠡᠷᠡᠭᠦᠯ ᠮᠡᠨᠳᠦ ᠶᠢ ᠠᠩᠬᠠᠷᠴᠤ᠂  ᠦᠲᠡᠯᠦᠭᠡ ᠨᠠᠰᠣ ᠪᠠᠨ ᠵᠣᠯ ᠵᠢᠷᠭᠠᠯ ᠲᠠᠢ ᠪᠠᠶᠢᠯᠭᠠᠬᠤ︾ ᠪᠠᠷ ᠭᠤᠣᠯ ᠰᠡᠳᠦᠪ ᠪᠣᠯᠭᠠᠭᠰᠠᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠪᠠ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠪᠡ᠃      ᠭᠤᠷᠪᠠ ᠳᠤ ᠨᠠᠰᠤᠲᠠᠶᠢᠴᠤᠳ ᠤᠨ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠦᠷᠭᠦᠯᠵᠢᠯᠡᠨ  ᠳᠡᠭᠡᠭᠰᠢᠯᠡᠭᠦᠯᠪᠡ᠃ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠠᠰᠤᠲᠠᠶᠢᠴᠤᠳ ᠤᠨ ᠡᠪᠡᠳᠴᠢᠨ ᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠂ ᠨᠠᠰᠤᠲᠠᠶᠢᠴᠤᠳ ᠤᠨ ᠡᠪᠡᠳᠴᠢᠨ ᠤ ᠲᠤᠰᠬᠠᠢ ᠰᠠᠯᠠᠭ᠎ᠠ ᠶᠢ ᠲᠣᠬᠢᠷᠠᠭᠤᠯᠬᠤ ᠶᠢᠨ ᠬᠠᠮᠲᠤ 26 ᠡᠮᠴᠢ ᠰᠤᠪᠢᠯᠠᠭᠴᠢ ᠂ 40 ᠡᠪᠡᠳᠴᠢᠲᠡᠨ ᠤ ᠣᠷᠣ ᠶᠢ ᠲᠣᠬᠢᠷᠠᠭᠤᠯᠵᠤ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠪᠠᠲᠤᠯᠠᠭ᠎ᠠ ᠬᠠᠩᠭᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号