ᠯᠢᠨᠰᠢ ᠰᠢᠶᠠᠨ ᠥᠪᠥᠷ ᠮᠣᠩᠭᠤᠯ ᠤᠨ ᠢ ᠰᠢᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠲᠠᠢ ᠲᠥᠷᠥᠯ ᠵᠦᠶᠯ ᠤᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2022/4/6
     ᠥᠪᠥᠷ ᠮᠣᠩᠭᠤᠯ ᠤᠨ ᠢ ᠰᠢᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠰᠢᠨ ᠯᠢᠨ ᠪᠠᠯᠭᠠᠰᠤᠨ ᠳᠤ ᠵᠢᠯ ᠳᠤ 10 ᠲᠦᠮᠡᠨ ᠲᠣᠨ ᠤ ᠭᠠᠷᠤᠯᠲᠠ ᠲᠠᠢ ᠣᠷᠭᠠᠨᠢᠭ ᠪᠣᠷᠳᠣᠭᠤᠷ ᠤᠨ ᠦᠶᠯᠡᠳᠪᠦᠷᠢ ᠪᠠᠶᠢᠭᠤᠯᠬᠤ ᠪᠠᠷ ᠲᠣᠭᠲᠠᠪᠠ᠃ ᠲᠣᠰ ᠲᠥᠷᠥᠯ ᠵᠦᠶᠯ ᠳᠤ ᠨᠡᠶᠢᠲᠡ 6000 ᠲᠦᠮᠡᠨ ᠲᠥᠭᠦᠷᠢᠭ  ᠤᠨ ᠪᠠᠯᠠ ᠣᠷᠣᠭᠤᠯᠵᠤ᠂ 60 ᠮᠥ ᠭᠠᠵᠠᠷ ᠡᠵᠡᠯᠡᠵᠦ᠂ 8000 ᠲᠡᠭᠰᠢ ᠳᠥᠷᠪᠡᠯᠵᠢᠨ ᠮᠧᠲᠷ ᠤᠨ ᠣᠷᠭᠠᠨᠢᠭ ᠪᠣᠷᠲᠣᠭᠤᠷ ᠢᠰᠬᠡᠬᠦ ᠲᠠᠰᠤᠭ᠂ 12000 ᠲᠡᠭᠰᠢ ᠳᠥᠷᠪᠡᠯᠵᠢᠨ ᠮᠧᠲᠷ ᠤᠨ ᠣᠷᠭᠠᠨᠢᠭ ᠪᠣᠷᠲᠣᠭᠤᠷ ᠤᠨ ᠨᠡᠪᠰᠢᠷᠡᠭᠦᠯᠬᠦ ᠲᠠᠰᠤᠭ᠂ 5000 ᠲᠡᠭᠰᠢ ᠳᠥᠷᠪᠡᠯᠵᠢᠨ ᠮᠧᠲᠷ ᠤᠨ ᠬᠥᠮᠥᠷᠭᠡ᠂ 300 ᠲᠡᠭᠰᠢ ᠳᠥᠷᠪᠡᠯᠵᠢᠨ ᠮᠧᠲᠷ ᠤᠨ ᠠᠯᠪᠠᠨ ᠬᠡᠷ ᠵᠢᠴᠢ 15000 ᠲᠡᠭᠰᠢ ᠳᠥᠷᠪᠡᠯᠵᠢᠨ ᠮᠧᠲᠷ ᠤᠨ ᠲᠦᠭᠦᠬᠡᠶ ᠮᠠᠲ᠋ᠧᠷᠢᠶᠠᠯ ᠣᠪᠣᠭᠠᠯᠠᠬᠤ ᠲᠠᠯᠠᠪᠤᠷ ᠢ ᠪᠠᠶᠢᠭᠤᠯᠬᠤ ᠪᠠᠷ ᠲᠥᠯᠥᠪᠯᠡᠵᠦ ᠪᠣᠶ᠃ ᠲᠣᠰ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠪᠠᠯᠭᠠᠰᠤᠨ ᠤ ᠬᠡᠪᠴᠢᠶᠡᠨ ᠳᠠᠬᠢ ᠵᠢᠭᠦᠷᠲᠡᠨ ᠤ ᠢᠯᠭᠠᠳᠠᠰᠣ ᠪᠠ ᠢᠳᠡᠰᠢᠨ ᠮᠥᠭᠦ ᠶᠢᠨ ᠡᠰᠢ ᠪᠣᠶᠢᠵᠢᠭᠤᠯᠬᠤ ᠵᠡᠷᠭᠡ  ᠳᠤ ᠡᠬᠢ ᠪᠠᠶᠠᠯᠢᠭ ᠢ ︽ᠬᠡᠮᠵᠢᠶᠡᠵᠢᠭᠦᠯᠬᠦ᠂ ᠬᠤᠤᠷ ᠥᠬᠡᠶᠢᠳᠡᠭᠦᠯᠬᠦ᠂ ᠡᠬᠢ ᠪᠠᠶᠠᠯᠢᠭᠵᠢᠭᠤᠯᠬᠤ︾ ᠪᠠᠷ ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠵᠦ᠂ ᠵᠢᠯ ᠳᠤ 5000 ᠲᠣᠨ ᠢᠯᠭᠠᠳᠠᠰᠣ ᠶᠢ ᠰᠢᠶᠳᠪᠦᠷᠢᠯᠡᠵᠦ᠂ 1500 ᠲᠦᠮᠡᠨ ᠮᠥᠭᠦ ᠶᠢᠨ ᠡᠰᠢ ᠪᠣᠶᠢᠵᠢᠭᠤᠯᠬᠤ ᠶᠢ ᠰᠢᠶᠳᠪᠦᠷᠢᠯᠡᠵᠦ᠂ 10 ᠲᠦᠮᠡᠨ ᠲᠣᠨ ᠣᠷᠭᠠᠨᠢᠭ ᠪᠣᠷᠲᠣᠭᠤᠷ ᠦᠶᠯᠡᠳᠪᠦᠷᠢᠯᠡᠨ᠎ᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号