ᠯᠢᠨᠰᠢ ᠰᠢᠶᠠᠨ ᠤ ᠹᠦ᠋ ᠪᠠᠩ ᠵᠡᠰ ᠤᠨ ᠦᠶᠯᠡᠰ ᠤᠨ ᠺᠣᠮᠫᠠᠨᠢ ᠪᠣᠯᠤᠨ ᠥᠪᠥᠷ ᠮᠣᠩᠭᠤᠯ ᠤᠨ ᠦᠨᠳᠦᠰᠦᠲᠡᠨ ᠤ ᠠᠵᠤ ᠦᠶᠯᠡᠳᠪᠦᠷᠢ ᠶᠢᠨ ᠲᠧᠭᠨᠢᠭ ᠤᠨ ᠮᠡᠷᠭᠡᠵᠢᠯᠲᠡᠨ ᠤ ᠳᠡᠭᠡᠳᠦ ᠰᠤᠷᠭᠠᠭᠤᠯᠢ ᠶᠢᠨ ᠥᠷᠨᠢᠭᠦᠯᠦᠭᠰᠡᠨ ᠬᠠᠮᠲᠤᠷᠠᠯᠴᠠᠭ᠎ᠠ ᠨᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ  ᠤᠨ ᠪᠠᠲᠤᠯᠠᠭ᠎ᠠ ᠶᠢᠨ ᠲᠣᠪᠴᠢᠶᠠᠨ ᠤ ᠲᠤᠰᠬᠠᠶ ᠮᠡᠷᠭᠡᠵᠢᠯᠲᠡᠨ ᠤ ᠪᠦᠯᠬᠦᠮ ᠤᠨ ᠬᠢᠨᠠᠨ ᠲᠣᠭᠲᠠᠭᠠᠯᠲᠠ ᠶᠢ ᠥᠩᠭᠡᠷᠡᠭᠡᠪᠡ
ᠨᠡᠶᠢᠲᠡᠯᠡᠭᠰᠡᠨ ᠴᠠᠭ᠄
2022/4/6
     ᠲᠣᠰ ᠤᠳᠠᠭᠠᠨ ᠤ ᠬᠠᠮᠲᠤᠷᠠᠯᠴᠠᠭ᠎ᠠ ᠨᠢ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠲᠦᠷᠢᠮ ᠤᠨ ᠪᠣᠯᠪᠠᠰᠤᠷᠠᠭᠤᠯᠤᠯ ᠪᠣᠯᠣᠨ᠎ᠠ᠂ ᠪᠣᠯᠪᠠᠰᠤᠷᠠᠭᠤᠯᠤᠯ ᠨᠢ ᠠᠵᠢᠯ ᠤᠨ ᠪᠠᠶᠢᠷᠢ ᠳᠤ ᠬᠥᠳᠡᠯᠮᠦᠷᠢ ᠪᠠᠷ ᠬᠥᠮᠦᠵᠢᠭᠦᠯᠬᠦ ᠡᠨᠡ ᠬᠦ ᠮᠡᠷᠭᠡᠵᠢᠯ ᠤᠨ ᠬᠥᠮᠦᠵᠢᠭᠦᠯᠦᠯ ᠤᠨ ᠦᠨᠳᠦᠰᠦᠨ ᠵᠢᠮ᠎ᠡ ᠶᠣᠰᠣ ᠶᠢ ᠵᠢᠷᠤᠮᠯᠠᠭᠰᠠᠨ ᠤ ᠬᠠᠮᠲᠤ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠢᠶᠠᠷ ᠭᠤᠤᠯ ᠪᠣᠯᠭᠠᠬᠤ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠬᠠᠮᠲᠤᠷᠠᠨ ᠠᠵᠢᠯᠯᠠᠬᠤ ᠣᠯᠠᠨ ᠲᠠᠯ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠪᠠ᠃ ᠮᠠᠨ ᠤ ᠰᠢᠶᠠᠨ ᠤ ᠹᠦ᠋ ᠪᠠᠩ ᠵᠡᠰ ᠤᠨ ᠦᠢᠯᠡᠰ ᠤᠨ ᠺᠣᠮᠫᠠᠨᠢ ᠭᠤᠷᠪᠠᠨ ᠠᠵᠢᠯ ᠲᠦᠷᠦᠯ ᠤᠨ 123 ᠬᠥᠮᠦᠨ ᠢ ᠰᠣᠩᠭᠤᠨ ᠭᠠᠷᠭᠠᠵᠤ ᠬᠤᠶᠠᠷ ᠵᠢᠯ ᠤᠨ ᠬᠤᠭᠤᠴᠠᠭ᠎ᠠ ᠲᠠᠢ ᠬᠥᠮᠦᠵᠢᠭᠦᠯᠬᠦ ᠠᠵᠢᠯ  ᠳᠤ ᠣᠷᠣᠯᠴᠠᠭᠤᠯᠵᠤ᠂ ︽ᠠᠵᠢᠯᠴᠢᠨ ᠡᠯᠰᠡᠪᠡᠯ ᠳᠠᠷᠤᠢ ᠰᠤᠷᠤᠭᠴᠢ ᠡᠯᠰᠡᠵᠦ᠂ ᠠᠵᠤ ᠠᠬᠤᠶᠢᠯᠠᠯ ᠳᠤ ᠣᠷᠣᠪᠠᠯ ᠳᠠᠷᠤᠢ ᠰᠤᠷᠭᠠᠭᠤᠯᠢ ᠳᠤ ᠣᠷᠣᠵᠤ᠂ ᠠᠵᠤ ᠠᠬᠤᠶᠢᠯᠠᠯ ᠪᠠ ᠰᠤᠷᠭᠠᠭᠤᠯᠢ ᠶᠢᠨ ᠬᠤᠣᠰ ᠪᠠᠭᠰᠢ ᠬᠠᠮᠲᠤᠷᠠᠨ ᠬᠥᠮᠦᠵᠢᠭᠦᠯᠬᠦ︾ ᠪᠠᠷ ᠭᠤᠣᠯ ᠬᠥᠮᠦᠵᠢᠭᠦᠯᠬᠦ ᠵᠠᠭᠪᠤᠷ ᠪᠣᠯᠭᠠᠵᠤ᠂ ᠠᠵᠤ ᠠᠬᠤᠶᠢᠯᠠᠯ ᠤᠨ ᠭᠠᠷᠤᠯᠲᠠ ᠪᠠᠨ ᠨᠡᠮᠡᠭᠳᠡᠭᠦᠯᠬᠦ᠂ ᠦᠢᠯᠡᠳᠪᠦᠷᠢᠯᠡᠯ ᠢᠶᠠᠨ ᠥᠷᠭᠡᠳᠬᠡᠬᠦ ᠶᠠᠪᠤᠴᠠ ᠳᠤ ᠬᠡᠷᠡᠭᠰᠡᠬᠦ ᠮᠡᠷᠭᠡᠵᠢᠯ ᠤᠨ ᠴᠢᠳᠠᠪᠤᠷᠢᠲᠠᠨ ᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠂ ᠪᠣᠯᠪᠠᠰᠤᠷᠠᠭᠤᠯᠬᠤ ᠠᠵᠢᠯᠯᠠᠭ᠎ᠠ ᠶᠢ ᠤᠢᠢᠷ᠎ᠠ ᠶᠢᠨ ᠬᠤᠭᠤᠴᠠᠭᠠᠨ ᠳᠤ ᠦᠷᠨᠢᠭᠦᠯᠬᠦ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号