ᠯᠢᠨᠰᠢ ᠰᠢᠶᠠᠨ ︽ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ︾ ᠶᠢ ᠢᠳᠡᠪᠬᠢᠲᠡᠢ ᠠᠬᠢᠭᠤᠯᠵᠤ ᠠᠵᠢᠯ ᠣᠯᠭᠤᠯᠲᠠ ᠦᠢᠯᠡᠰ ᠪᠤᠰᠬᠠᠬᠤ ᠶᠢ ᠲᠡᠳᠬᠦᠪᠡ
ᠨᠡᠶᠢᠲᠡᠯᠡᠭᠰᠡᠨ ᠴᠠᠭ᠄
2022/4/6
     ᠮᠠᠨ ᠤ ᠰᠢᠶᠠᠨ ᠤ ᠬᠢᠨ ᠰᠢᠦᠳᠠᠨ ᠤ ᠬᠠᠳᠠᠭᠠᠯᠠᠮᠵᠢ ᠶᠢᠨ ᠪᠠᠩᠬᠢ᠂ ᠳᠤᠮᠳᠠᠳᠤ ᠤᠯᠤᠰ ᠤᠨ ᠪᠠᠩᠬᠢ ᠵᠡᠷᠭᠡ 2 ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠵᠣᠬᠢᠴᠠᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠯᠤᠰ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠣᠬᠢᠷᠠᠭᠤᠯᠤᠯᠲᠠ ᠶᠢᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠭᠡᠯᠡᠯᠭᠡ  ᠭᠦᠢᠴᠡᠳᠭᠡᠬᠦ ᠭᠠᠷᠳᠠᠮ ᠢ ᠵᠢᠷᠤᠮᠵᠢᠭᠤᠯᠬᠤ ᠶᠢᠨ ᠬᠠᠮᠲᠤ᠂ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠬᠠᠮᠲᠤᠯᠢᠭ ᠲᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠬᠦ᠂ ᠵᠢᠭᠡᠯᠡᠯᠭᠡ ᠭᠤᠶᠤᠴᠢᠯᠠᠬᠤ᠂ ᠬᠢᠨᠠᠨ ᠵᠥᠪᠰᠢᠶᠡᠷᠡᠬᠦ᠂ ᠲᠠᠷᠬᠠᠭᠠᠬᠤ ᠴᠠᠭ ᠢ ᠪᠣᠭᠤᠨᠢᠰᠬᠠᠬᠤ ᠵᠡᠷᠭᠡ ᠦᠢᠯᠡᠴᠢᠯᠡᠭᠡ ᠬᠠᠩᠭᠠᠬᠤ ᠶᠢ ᠴᠢᠬᠤᠯᠠᠴᠢᠯᠠᠵᠤ᠂ ᠨᠥᠬᠦᠴᠡᠯ ᠳᠤ ᠨᠡᠶᠢᠴᠡᠬᠦ ᠬᠥᠮᠦᠰ ᠲᠤ ︽ᠨᠢᠭᠡ ᠯᠡ ᠤᠳᠠᠭ᠎ᠠ ᠭᠦᠶᠦᠬᠦ︾ ᠵᠢᠭᠡᠯᠡᠯᠭᠡ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠢ ᠭᠦᠢᠴᠡᠳᠭᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠠᠳᠠᠯ ᠪᠣᠰᠬᠠᠭᠴᠢᠳ ᠲᠤ ᠲᠦᠷᠭᠡᠨ ᠪᠥᠭᠡᠳ ᠪᠦᠲᠦᠮᠵᠢᠲᠡᠶ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ ᠥᠭᠭᠦᠨ᠎ᠡ᠃ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠲᠤᠰᠬᠠᠶ ᠵᠦᠢᠯ ᠤᠨ ᠠᠵᠢᠯᠯᠠᠭ᠎ᠠ᠂ ᠡᠷᠦᠬᠡ ᠳᠤ ᠬᠦᠷᠴᠦ ᠰᠤᠷᠪᠤᠯᠵᠢᠯᠠᠬᠤ᠂ ᠸᠢᠴᠠᠲ ᠤᠨ ᠨᠡᠶᠢᠲᠡ ᠶᠢᠨ ᠳ᠋ᠤᠭᠠᠷ᠂ ᠬᠡᠷ ᠤᠨ ᠭᠠᠳᠠᠨᠠᠬᠢ LED ᠳᠡᠯᠭᠡᠴᠡ ᠵᠡᠷᠭᠡ ᠠᠷᠭ᠎ᠠ ᠮᠠᠶ᠋ᠢᠭ ᠢ ᠠᠰᠢᠭᠯᠠᠨ᠂ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠤᠨ ᠲᠠᠶᠢᠯᠪᠤᠷᠢᠯᠠᠵᠤ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠨᠣᠷᠮ᠎ᠠ ᠪᠠ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠣᠳᠣᠬᠠᠨ ᠪᠣᠯᠲᠠᠯ᠎ᠠ᠂ 629 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ 34 ᠠᠳᠠᠯ ᠦᠢᠯᠡᠰ ᠴᠣᠭᠴᠠᠯᠠᠭᠴᠢ ᠶᠢ ᠲᠡᠳᠬᠦᠨ ᠳᠡᠮᠵᠢᠵᠦ᠂ 113 ᠠᠵᠢᠯ ᠣᠯᠭᠤᠯᠲᠠ ᠶᠢ ᠳᠠᠶᠢᠴᠢᠯᠠᠨ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠠᠵᠢᠯ ᠤᠨ ᠲᠣᠭᠲᠠᠭᠤᠨ ᠢᠶᠠᠷ ᠳᠡᠭᠡᠭᠰᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号