ᠯᠢᠨᠰᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᡂᠢ ᠶᠠ ᠯᠢᠩ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/4/8
      ᠣᠶᠢᠷ᠎ᠠ ᠳᠤ᠂ ᠯᠢᠨᠰᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᡂᠢ ᠶᠠ ᠯᠢᠩ ᠳ᠋ᠠ ᠶᠢᠩᠽᠢ ᠰᠢᠶᠠᠩ᠂ ᠲᠠᠪᠢᠡᠭᠡᠷ ᠪᠠᠯᠭᠠᠰᠤ ᠵᠡᠷᠭᠡ ᠭᠠᠵᠠᠷ ᠲᠤ ᠬᠦᠷᠴᠦ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠪᠠ᠂ ᠡᠯ᠎ᠡ ᠬᠤᠯᠪᠣᠭᠳᠠᠯ ᠪᠦᠬᠦᠢ ᠨᠢᠭᠡᠴᠡ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃  
       ᠰᠢᠶᠠᠨ ᠤ ᠳᠠᠷᠤᠭ᠎ᠠ ᡂᠢ ᠶᠠ ᠯᠢᠩ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ  ᠭᠠᠯ ᠰᠡᠷᠭᠡᠶᠢᠯᠡᠬᠦ ᠠᠵᠢᠯ ᠤᠨ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠄ ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃ ᠬᠤᠶᠠᠷ ᠲᠤ᠂ ᠭᠠᠯ ᠰᠡᠷᠭᠡᠶᠢᠯᠡᠬᠦ ᠤᠬᠠᠭᠤᠯᠭ᠎ᠠ ᠶᠢ ᠠᠮᠢᠳᠤᠯᠢᠭ ᠪᠠᠶᠢᠯᠭᠠᠵᠤ᠂ ᠰᠢᠶᠠᠩ ᠪᠠᠯᠭᠠᠰᠤ᠂ ᠲᠣᠰᠬᠤᠨ ᠤ ᠬᠥᠮᠥᠨ ᠠᠮᠠ ᠶᠢᠨ ᠪᠠᠶᠢᠳᠠᠯ ᠢ ᠣᠶᠢᠯᠠᠭᠠᠬᠤ ᠠᠵᠢᠯ ᠤᠨ ᠠᠵᠠ ᠲᠣᠬᠢᠶᠠᠯ ᠢ ᠭᠦᠢᠴᠡᠳ ᠠᠰᠢᠭᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠥᠷᠥ ᠶᠢᠨ ᠪᠣᠳᠣᠯᠭ᠎ᠠ᠂ ᠣᠳᠣᠬᠢ ᠪᠠᠶᠢᠳᠠᠯ ᠪᠠ ᠠᠰᠢᠭ ᠬᠤᠣᠷ ᠢ ᠦᠷᠭᠦᠯᠵᠢᠯᠡᠨ ᠤᠬᠠᠭᠤᠯᠬᠤ ᠬᠡᠷᠡᠭᠲᠡᠢ᠃ ᠭᠤᠷᠪᠠ ᠳᠤ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ   ᠬᠦᠳᠡᠯᠦᠩᠭᠦᠢ ᠪᠠᠶᠢᠯᠭᠠᠨ᠂ ᠰᠢᠶᠠᠩ ᠪᠠᠯᠭᠠᠰᠤᠨ ᠤ ᠭᠠᠯ ᠤᠨᠲᠠᠷᠠᠭᠠᠬᠤ ᠠᠩᠭᠢ ᠶᠢᠨ ᠬᠢᠨ ᠪᠠ ᠣᠶ ᠬᠠᠮᠠᠭᠠᠯᠠᠭᠴᠢ ᠶᠢ ᠢᠳᠡᠪᠬᠢᠲᠡᠢ ᠬᠦᠳᠡᠯᠦᠯᠴᠡᠭᠦᠯᠵᠦ᠂ ᠰᠢᠭᠤᠶᠢᠲᠤ ᠣᠷᠣᠨ ᠤ ᠲᠣᠭᠤᠷᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠳᠥᠷᠪᠡ ᠳᠤ᠂  ᠵᠠᠮ ᠬᠠᠷᠢᠯᠴᠠᠭᠠᠨ ᠤ ᠪᠠᠶᠢᠴᠠᠭᠠᠯᠲᠠ ᠶᠢ ᠴᠢᠩᠭᠠᠳᠬᠠᠵᠦ᠂ ᠰᠢᠭᠤᠶᠢᠲᠤ ᠣᠷᠣᠨ ᠳᠤ ᠣᠷᠣᠬᠤ ᠬᠥᠮᠥᠰ ᠪᠠ ᠲᠡᠷᠭᠡ ᠬᠥᠰᠬᠡ ᠶᠢ ᠴᠥᠮ ᠳᠡᠩᠰᠡᠯᠡᠨ ᠪᠠᠶᠢᠴᠠᠭᠠᠨ᠂ ᠨᠢᠭᠡ ᠬᠥᠮᠥᠨ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠲᠠᠪᠤ ᠳᠤ᠂ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠳᠤ ᠯᠠᠪᠳᠠᠭᠤᠨ ᠪᠠᠶᠢᠵᠦ᠂ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠶᠢᠨ ᠬᠠᠮᠲᠣ ᠡᠷᠬᠢᠨ ᠲᠣᠭᠤᠷᠢᠨ ᠳᠠᠬᠢ ᠠᠷᠠᠳ ᠣᠯᠠᠨ ᠤ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号