ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠨᠤᠭ ᠪᠠᠭᠤᠳᠠᠯ᠂ ᠬᠤᠭᠤᠯᠠ | ᠤᠮᠳᠠ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠵᠡᠷᠭᠡ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ | ᠦᠢᠯᠡᠴᠢᠯᠡᠭᠡᠨ ᠤ ᠦᠢᠯᠡᠰ ᠲᠤ ᠦᠵᠡᠭᠦᠯᠬᠦ ᠨᠥᠯᠥᠭᠡ ᠶᠢ ᠠᠷᠭᠠᠴᠠᠭᠠᠵᠤ᠂ ᠠᠵᠤ ᠠᠬᠤᠶᠢᠯᠠᠯ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ | ᠳᠡᠯᠭᠡᠭᠦᠷ ᠤᠨ ᠵᠢᠱᠢᠯᠲᠡ ᠶᠢᠨ ᠬᠤᠭᠤᠴᠠᠭ᠎ᠠ ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ | ᠨᠡᠮᠡᠭᠳᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢᠶᠠᠨ ᠰᠡᠷᠭᠦᠭᠡᠬᠦ ᠶᠢ ᠠᠬᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽ | ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ | ᠣᠨᠣᠴᠠᠲᠠᠢ ᠪᠠᠷ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ | ᠢ ᠪᠠᠭᠤᠯᠭᠠᠪᠠ᠃ | ︽ᠮᠡᠳᠡᠭᠳᠡᠯ︾ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠵᠡᠩᠨᠡᠯᠲᠡ ᠶᠢᠨ ᠥᠪᠡᠷ ᠤᠨ | ᠥᠷᠲᠡᠭ ᠢ ᠪᠦᠲᠦᠮᠵᠢᠲᠡᠶ ᠪᠠᠭᠤᠷᠠᠭᠤᠯᠬᠤ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠶᠢ | ᠴᠢᠩᠭᠠᠳᠬᠠᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠬᠦ᠂ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠪᠠᠷ ᠱᠠᠲᠤ ᠱᠠᠲᠤ ᠪᠠᠷ ᠬᠦᠴᠦᠯᠡᠵᠦ᠂ ᠪᠥᠬᠦ ᠣᠷᠣᠨ ᠤ | ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠢ ᠨᠠᠷᠢᠯᠢᠭ | ᠣᠨᠣᠴᠠᠲᠠᠢ ᠪᠠᠷ ᠰᠢᠢᠳᠪᠦᠷᠢᠯᠡᠬᠦ ᠪᠠᠷ ᠪᠣᠢ᠃ | ︽ᠮᠡᠳᠡᠭᠳᠡᠯ︾ ᠳᠤ ᠵᠢᠭᠠᠭᠰᠠᠨ ᠨᠢ᠂ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯᠲᠠᠨ | ᠠᠵᠢᠯᠴᠢᠨ ᠳᠤ ᠲᠣᠭᠲᠠᠮᠠᠯ ᠬᠤᠭᠤᠴᠠᠭ᠎ᠠ ᠲᠠᠢ ᠪᠥᠭᠡᠮ ᠬᠦᠴᠢᠯ ᠤᠨ ᠪᠠᠶᠢᠴᠠᠭᠠᠯᠲᠠ ᠶᠢ ᠰᠦᠢᠳᠬᠡᠯ ᠬᠤᠷᠢᠶᠠᠬᠤ | ᠦᠭᠡᠢ ᠪᠠᠷ ᠬᠢᠵᠦ᠂ ᠬᠢᠵᠢᠭ ᠢ ᠰᠡᠷᠭᠡᠶᠢᠯᠡᠬᠦ᠂ ᠠᠷᠢᠭᠤᠳᠬᠠᠬᠤ ᠵᠠᠷᠤᠯᠭ᠎ᠠ ᠳᠤ ᠨᠥᠬᠦᠪᠦᠷᠢ ᠶᠢᠨ ᠳᠡᠮᠵᠢᠯᠭᠡ ᠦᠵᠡᠭᠦᠯᠬᠦ | ᠬᠡᠷᠡᠭᠲᠡᠢ᠃ ᠠᠵᠢᠯᠲᠠᠨ ᠢᠶᠠᠨ ᠬᠠᠰᠤᠬᠤ ᠦᠭᠡᠢ᠂ ᠠᠵᠢᠯᠲᠠᠨ ᠢᠶᠠᠨ ᠳᠤᠲᠠᠭᠤ ᠬᠠᠰᠤᠬᠤ ᠬᠦᠷᠦᠯᠴᠡᠬᠦ ᠴᠢᠨᠠᠷᠲᠠᠢ | ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ | ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠠᠵᠤ ᠠᠬᠤᠶᠢᠯᠠᠯ ᠤᠨ ᠳᠡᠭᠡᠷ᠎ᠡ | ᠵᠢᠯ ᠤᠨ ᠪᠣᠳᠠᠲᠠᠢ ᠲᠤᠰᠢᠶᠠᠭᠰᠠᠨ ᠲᠣᠰ ᠵᠢᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ | 90% ᠪᠠᠷ ᠪᠤᠴᠠᠭᠠᠨ ᠥᠭᠴᠦ᠂ ︽ᠭᠤᠶᠤᠴᠢᠯᠠᠬᠤ ᠦᠭᠡᠢ ᠪᠠᠷ ᠰᠢᠭᠤᠳ ᠪᠤᠴᠠᠭᠠᠬᠤ︾ ᠪᠠᠷ ᠳᠠᠮᠵᠢᠭᠤᠯᠤᠨ | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ | ᠮᠥᠩᠭᠦ ᠶᠢ ᠨᠠᠷᠢᠯᠢᠭ ᠣᠨᠣᠴᠠᠲᠠᠢ ᠪᠠᠷ ᠣᠯᠭᠤᠵᠤ᠂ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ | ᠬᠤᠪᠢ ᠶᠢᠨ ᠠᠵᠤ ᠠᠬᠤᠢ ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠢᠳᠡᠯ ᠢᠶᠠᠷ ᠯᠠᠪᠯᠠᠯᠲᠠ ᠪᠣᠯᠭᠠᠨ | ᠬᠡᠷᠡᠭᠵᠢᠭᠦᠯᠬᠦ ᠬᠡᠷᠡᠭᠲᠡᠢ᠃ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ᠂ ᠰᠦᠢᠳᠬᠡᠯ ᠥᠷᠢᠲᠦᠪᠡᠴᠦ ᠬᠠᠩᠭᠠᠯᠭ᠎ᠠ | ᠲᠠᠰᠤᠯᠳᠠᠬᠤ ᠦᠭᠡᠢ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠠᠴᠠ | ᠡᠭᠦᠰᠦᠭᠰᠡᠨ ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠵᠠᠷᠤᠳᠠᠯ ᠢ 3 ᠰᠠᠷ᠎ᠠ ᠬᠤᠶᠢᠰᠢᠯᠠᠭᠤᠯᠤᠨ ᠲᠤᠰᠢᠶᠠᠵᠤ | ᠪᠣᠯᠬᠤ ᠶᠢᠨ ᠬᠠᠮᠲᠤ᠂ ᠡᠨᠡ ᠬᠦ ᠬᠤᠭᠤᠴᠠᠭᠠᠨ ᠳᠤ ᠡᠭᠦᠰᠦᠭᠰᠡᠨ ᠰᠦᠢᠳᠬᠡᠯ ᠥᠷᠢᠲᠦᠵᠦ ᠭᠡᠷ᠎ᠡ ᠵᠥᠷᠢᠴᠡᠭᠰᠡᠨ | ᠮᠥᠩᠭᠦ ᠶᠢ ᠬᠠᠰᠤᠨ ᠬᠡᠯᠲᠦᠷᠢᠭᠦᠯᠵᠦ ᠪᠣᠯᠣᠨ᠎ᠠ᠃ ᠨᠡᠪᠲᠡᠷᠡᠬᠦ ᠦᠨᠡᠮᠯᠡᠯ ᠤᠨ ᠪᠥᠬᠦ ᠤᠯᠤᠰ ᠲᠤ ᠨᠢᠭᠡᠳᠦᠯᠲᠡᠢ | ᠮᠡᠳᠡᠷᠡᠬᠦ ᠶᠢ ᠲᠦᠷᠭᠡᠳᠬᠡᠵᠦ᠂ ᠨᠡᠪᠲᠡᠷᠡᠬᠦ ᠦᠨᠡᠮᠯᠡᠯ ᠢ ᠡᠯᠧᠺᠳ᠋ᠷᠤᠨᠴᠢᠯᠠᠬᠤ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ | ᠳᠡᠯᠭᠡᠷᠡᠭᠦᠯᠬᠦ ᠬᠡᠷᠡᠭᠲᠡᠢ᠃ ᠠᠴᠢᠶᠠᠨ ᠤ ᠮᠠᠰᠢᠨ ᠤ ᠵᠢᠯᠣᠭᠤᠴᠢ ᠳᠤ ︽ᠪᠠᠷᠢᠨ ᠪᠠᠶᠢᠴᠠᠭᠠᠵᠤ ᠪᠠᠷᠢᠨ ᠶᠠᠪᠤᠭᠤᠯᠵᠤ | ᠪᠠᠷᠢᠨ ᠨᠡᠬᠡᠬᠦ︾ ᠪᠢᠲᠡᠭᠦᠦ ᠴᠠᠭᠠᠷᠢᠭᠲᠤ ᠬᠠᠮᠢᠶᠠᠷᠤᠯᠲᠠ ᠶᠢ ᠬᠡᠷᠡᠭᠵᠢᠭᠦᠯᠵᠦ᠂ ᠪᠥᠭᠡᠮ ᠬᠦᠴᠢᠯ ᠤᠨ | ᠪᠠᠶᠢᠴᠠᠭᠠᠯᠲᠠ ᠶᠢᠨ ᠳ᠋ᠦᠩ ᠢ ᠪᠥᠬᠦ ᠤᠯᠤᠰ ᠲᠤ ᠬᠠᠷᠢᠯᠴᠠᠨ ᠮᠡᠳᠡᠷᠡᠵᠦ ᠨᠡᠶᠢᠳᠡᠮ ᠬᠡᠷᠡᠭᠯᠡᠨ᠂ ᠨᠡᠪᠲᠡᠷᠡᠬᠦ ᠶᠢ | ᠬᠢᠵᠠᠭᠠᠷᠯᠠᠵᠤ ᠪᠣᠯᠬᠤ ᠦᠭᠡᠢ᠂ ᠬᠦᠴᠦᠨ ᠲᠠᠢ ᠬᠤᠭᠤᠴᠠᠭᠠᠨ ᠳᠤ ᠪᠠᠶᠢᠴᠠᠭᠠᠯᠲᠠ ᠬᠢᠯᠭᠡᠬᠦ ᠪᠠᠷ ᠳᠠᠬᠢᠨ ᠳᠠᠪᠲᠠᠨ | ᠱᠠᠭᠠᠷᠳᠠᠵᠤ ᠪᠣᠯᠬᠤ ᠦᠭᠡᠢ᠂ ᠠᠴᠢᠶᠠᠨ ᠤ ᠮᠠᠰᠢᠨ ᠤ ᠵᠢᠯᠣᠭᠤᠴᠢ ᠶᠢᠨ ᠠᠵᠢᠯ ᠠᠮᠢᠳᠤᠷᠠᠯ ᠤᠨ ᠦᠢᠯᠡᠴᠢᠯᠡᠭᠡᠨ ᠤ | ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠡᠢ᠃ | ︽ᠮᠡᠳᠡᠭᠳᠡᠯ︾ ᠳᠤ ᠱᠠᠭᠠᠷᠳᠠᠭᠰᠠᠨ ᠨᠢ᠂ ︽ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ︾ ᠶᠢᠨ | ᠳᠡᠮᠵᠢᠯᠭᠡ ᠶᠢᠨ ᠬᠡᠪᠴᠢᠶ᠎ᠡ ᠶᠢ ᠥᠷᠭᠡᠳᠬᠡᠬᠦ᠂ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠳᠤ ᠳᠠᠭᠠᠭᠠᠯᠲᠠ ᠬᠠᠩᠭᠠᠬᠤ ᠵᠡᠷᠭᠡ ᠲᠠᠯ᠎ᠠ ᠪᠠᠷ ᠪᠡᠯᠡ ᠲᠣᠬᠢᠷᠠᠭᠤᠯᠭ᠎ᠠ ᠳᠤ | ᠳᠠᠭᠠᠭᠠᠯᠲᠠ ᠬᠢᠬᠦ ᠳᠡᠮᠵᠢᠯᠭᠡ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ᠂ ᠲᠣᠮᠣ | ᠬᠡᠯᠪᠡᠷᠢ ᠶᠢᠨ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ ᠰᠦᠢᠳᠬᠡᠯ ᠢ ᠪᠠᠭᠤᠷᠠᠭᠤᠯᠤᠨ ᠬᠦᠴᠢᠷᠳᠡᠯ ᠢ | ᠰᠢᠢᠳᠪᠦᠷᠢᠯᠡᠬᠦ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠡᠯ᠎ᠡ | ᠲᠥᠷᠥᠯ ᠤᠨ ᠦᠨ᠎ᠡ ᠵᠠᠰᠠᠬᠤ ᠵᠣᠭᠤᠰ ᠢ ᠤᠯᠠᠮ ᠨᠢᠭᠡ ᠠᠯᠬᠤᠮ ᠪᠠᠭᠤᠷᠠᠭᠤᠯᠵᠤ᠂ ᠬᠤᠳᠠᠯᠳᠤᠭᠠᠨ ᠤ ᠡᠷᠦᠬᠡ ᠶᠢᠨ | ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ ᠲᠠᠪᠤᠨ ᠰᠠᠷ᠎ᠠ ᠶᠢᠨ ᠨᠢᠭᠡᠨ᠂ ᠲᠠᠪᠤᠨ ᠰᠠᠷ᠎ᠠ ᠶᠢᠨ ᠰᠢᠨ᠎ᠡ ᠶᠢᠨ | ᠲᠠᠪᠤᠨ ᠤ ᠪᠠᠶᠠᠷ ᠵᠡᠷᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠲᠤ ᠠᠩᠬᠠᠷᠤᠯ ᠢᠶᠠᠨ ᠲᠥᠪᠯᠡᠷᠡᠭᠦᠯᠵᠦ᠂ ︽ | ᠨᠡᠷᠡᠲᠦ ᠲᠡᠮᠳᠡᠭᠲᠦ ᠪᠠ ᠶᠠᠰᠤ ᠴᠢᠨᠠᠷ ᠤᠨ ᠰᠦᠯᠵᠢᠶᠡᠨ ᠤ ᠬᠤᠳᠠᠯᠳᠤᠭᠠᠨ ᠤ ᠪᠠᠶᠠᠷ︾᠂ ︽ᠲᠠᠪᠤᠨ ᠰᠠᠷ᠎ᠠ ᠶᠢᠨ | ᠨᠢᠭᠡᠨ ᠤ ᠪᠠᠶᠠᠷᠲᠤ ᠬᠤᠳᠠᠯᠳᠤᠭ᠎ᠠ︾᠂ ︽ᠮᠠᠰᠢᠨ ᠲᠡᠷᠭᠡ ᠤ ᠪᠥᠭᠡᠮ ᠬᠤᠳᠠᠯᠳᠤᠭ᠎ᠠ︾᠂ ︽ᠠᠮᠲᠠᠲᠤ ᠢᠳᠡᠭᠡᠨ ᠤ | ᠴᠤᠭᠯᠠᠭᠠᠨ︾ ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 600 ᠭᠠᠷᠤᠢ ᠲᠠᠯᠠᠪᠤᠷ ᠠᠴᠠ ᠳᠡᠭᠡᠭᠰᠢ | ᠵᠣᠬᠢᠶᠠᠨ ᠪᠠᠶᠢᠭᠤᠯᠤᠨ᠎ᠠ᠃ ᠡᠯ᠎ᠡ ᠭᠠᠵᠠᠷ ᠣᠷᠣᠨ ᠵᠣᠬᠢᠬᠤ ᠬᠡᠪᠴᠢᠶᠡᠨ ᠤ ᠡᠳ᠋ ᠤᠨ ᠵᠠᠰᠠᠭ ᠤᠨ ᠪᠡᠯᠡ ᠮᠥᠩᠭᠦ | ᠲᠣᠬᠢᠷᠠᠭᠤᠯᠬᠤ᠂ ᠬᠡᠷᠡᠭᠯᠡᠭᠡᠨ ᠤ ᠲᠤᠯᠭᠠᠨ ᠬᠡᠷᠡᠭᠯᠡᠬᠦ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ᠂ ᠬᠤᠨᠤᠭ ᠪᠠᠭᠤᠳᠠᠯ | ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠵᠡᠷᠭᠡ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠵᠦ᠂ | ᠬᠡᠷᠡᠭᠯᠡᠭᠡᠨ ᠤ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠬᠦ ᠬᠡᠷᠡᠭᠲᠡᠢ ᠭᠡᠵᠡᠢ᠃ |