5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠸᠠᠩ ᠸᠠᠩ ᠱᠧᠩ ᠪᠥᠬᠦ ᠬᠤᠲᠠ ᠶᠢᠨ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠮᠠᠨ ᠤ ᠬᠤᠲᠠ ᠶᠢᠨ | ᠬᠢᠵᠢᠭ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠸᠠᠩ ᠸᠠᠩ ᠱᠧᠩ᠂ ᠣᠳᠣᠬᠠᠨ ᠳᠤ ᠮᠠᠨ ᠤ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ | ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠭᠰᠠᠭᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠶᠡᠷᠦᠩᠬᠡᠶ | ᠱᠦᠵᠢ ᠰᠢ ᠶᠢᠨ ᠫᠢᠩ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ | ᠬᠤᠷᠠᠯ ᠳᠡᠭᠡᠷᠡᠬᠢ ᠴᠢᠬᠤᠯᠠ ᠵᠢᠭᠠᠪᠤᠷᠢ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠬᠥᠳᠡᠯᠦᠩᠭᠦᠶ ᠪᠠᠷ ᠠᠷᠢᠯᠭᠠᠬᠤ︾ ᠶᠡᠷᠦᠩᠬᠡᠶ ᠴᠢᠭᠯᠡᠯᠲᠡ ᠪᠠ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠦ᠂ | ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠶᠢ ᠭᠤᠶᠢᠪᠢᠰᠢ ᠥᠬᠡᠶ | ᠪᠠᠷᠢᠮᠲᠠᠯᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭ᠎ᠠ | ᠲᠠᠨᠢᠯᠲᠠ ᠪᠠᠨ ᠭᠦᠨᠵᠡᠭᠡᠶᠢᠷᠡᠭᠦᠯᠵᠦ᠂ ᠲᠠᠶᠢᠪᠤᠷᠰᠢᠬᠤ ᠪᠣᠳᠤᠯ᠂ ᠬᠠᠰᠢᠷᠠᠬᠤ ᠦᠵᠡᠯ᠂ ᠠᠵᠠ ᠬᠠᠷᠠᠭᠰᠠᠨ ᠪᠣᠳᠤᠯ᠂ | ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠢᠲᠡᠭᠡᠯ ᠵᠣᠷᠢᠭ ᠢᠶᠠᠨ ᠪᠠᠲᠤᠳᠬᠠᠨ ᠬᠢᠵᠢᠭ ᠢ ᠰᠡᠷᠭᠡᠶᠢᠯᠡᠨ ᠡᠵᠡᠮᠳᠡᠬᠦ | ᠬᠤᠷᠢᠭᠯᠠᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ ᠭᠠᠷᠭᠠᠪᠠ | ᠃ | ᠸᠠᠩ ᠸᠠᠩ ᠱᠧᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠰᠡᠷᠭᠡᠶᠢᠯᠡᠨ ᠡᠵᠡᠮᠳᠡᠬᠦ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠱᠠᠳᠤ ᠱᠠᠳᠤ ᠪᠠᠷ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠦᠰᠦᠭ ᠵᠢᠷᠤᠵᠤ᠂ ᠨᠢᠭᠡ ᠱᠠᠳᠤ ᠶᠢ ᠴᠤ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ | ᠦᠭᠡᠢ ᠪᠠᠶᠢᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠠᠮᠲᠤᠷᠠᠯ ᠤᠨ ᠬᠦᠴᠦᠨ ᠢ ᠦᠨᠡᠨᠬᠦ | ᠨᠢᠭᠲᠠᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠦᠷᠭᠦᠯᠵᠢᠯᠡᠨ | ᠰᠠᠶᠢᠲᠤᠷ ᠬᠢᠵᠦ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ︾ ᠱᠠᠭᠠᠷᠳᠠᠯᠭ᠎ᠠ ᠶᠣᠰᠣᠭᠠᠷ᠂ | ᠭᠤᠣᠯᠳᠠᠯᠭ᠎ᠠ ᠲᠠᠢ ᠭᠠᠵᠠᠷ ᠣᠷᠣᠨ ᠠᠴᠠ ᠤᠯᠠᠭᠠᠨᠬᠠᠳᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ | ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠤᠳᠠᠭ᠎ᠠ ᠶᠢ | ᠣᠯᠠᠰᠢᠷᠠᠭᠤᠯᠤᠨ᠂ ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠪᠦᠬᠦᠨ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ | ᠪᠠᠶᠢᠴᠠᠭᠠᠯᠲᠠ ᠶᠢ ᠪᠠᠲᠤᠯᠠᠵᠤ᠂ ᠪᠢᠲᠡᠭᠦᠦ ᠬᠡᠯᠬᠢᠶᠡᠲᠦ ᠪᠠᠷ ᠬᠠᠮᠢᠶᠠᠷᠬᠤ᠂ ᠵᠠᠪᠰᠠᠷ ᠦᠭᠡᠢ ᠵᠣᠯᠭᠠᠭᠤᠯᠬᠤ ᠶᠢ ᠦᠨᠡᠨᠬᠦ | ᠪᠡᠶᠡᠯᠡᠭᠦᠯᠵᠦ᠂ ᠪᠠᠶᠢᠴᠠᠭᠠᠬᠤ ᠶᠣᠰᠤᠲᠠᠢ ᠶᠢ ᠨᠢ ᠪᠦᠬᠦᠨ ᠢ ᠪᠠᠶᠢᠴᠠᠭᠠᠬᠤ᠂ ᠪᠠᠶᠢᠴᠠᠭᠠᠬᠤ ᠶᠣᠰᠤᠲᠠᠢ ᠶᠢ ᠨᠢ ᠵᠠᠪᠠᠯ | ᠪᠠᠶᠢᠴᠠᠭᠠᠬᠤ ᠬᠡᠷᠡᠭᠲᠡᠢ᠃ ᠲᠤᠰᠠᠭᠠᠷᠯᠠᠬᠤ ᠲᠠᠯᠠᠪᠤᠷ ᠭᠠᠵᠠᠷ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠴᠢᠩᠭᠡᠯᠢᠭ | ᠲᠠᠰᠤᠭ ᠲᠠᠢ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠵᠢᠭ | ᠡᠭᠦᠰᠦᠭᠰᠡᠨ ᠤ ᠳᠠᠷᠠᠭ᠎ᠠ ᠳᠠᠷᠤᠶ ᠳᠤᠨᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠵᠢᠯᠣᠭᠤᠳᠬᠤ ᠭᠠᠵᠠᠷ ᠤᠨ ᠥᠨᠳᠥᠷ ᠪᠦᠲᠦᠮᠵᠢᠲᠡᠢ ᠪᠠᠷ ᠠᠵᠢᠯᠯᠠᠬᠤ ᠶᠢ ᠪᠠᠲᠤᠯᠠᠨ᠂ ᠠᠯᠢᠪᠠ ᠪᠦᠬᠦᠨ ᠳᠤ | ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠨᠡᠩ ᠡᠷᠡᠰ ᠰᠢᠭᠤᠷᠬᠠᠢ ᠣᠪᠣᠷ᠂ ᠨᠡᠩ ᠬᠦᠴᠦᠲᠡᠢ ᠠᠵᠢᠯᠯᠠᠭᠠᠨ᠂ ᠨᠡᠩ | ᠪᠦᠲᠦᠮᠵᠢᠲᠡᠢ ᠪᠠᠷ ᠬᠠᠮᠵᠢᠯᠴᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ | ᠠᠳᠬᠤᠨ᠂ ᠳᠤᠲᠠᠭᠤᠳᠠᠯ ᠢ ᠨᠥᠬᠦᠪᠥᠷᠢᠯᠡᠵᠦ᠂ ᠠᠯᠳᠠᠰᠢ ᠭᠠᠷᠬᠤ ᠶᠢ ᠬᠤᠷᠢᠭᠯᠠᠨ᠂ ᠬᠢᠵᠢᠭ ᠢ ᠰᠡᠷᠭᠡᠶᠢᠯᠡᠨ ᠡᠵᠡᠮᠳᠡᠬᠦ | ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠭᠦᠸᠧ ᠰᠢ | ᠣᠶᠢᠷ᠎ᠠ ᠶᠢᠨ ᠬᠤᠭᠤᠴᠠᠭᠠᠨ ᠤ ᠬᠢᠵᠢᠭ ᠢ ᠰᠡᠷᠭᠡᠶᠢᠯᠡᠨ ᠡᠵᠡᠮᠳᠡᠬᠦ ᠪᠣᠳᠠᠲᠠᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ | ᠃ | ᠬᠤᠷᠠᠯ ᠨᠢ ᠳᠦᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠪᠠ᠃ ᠬᠤᠳᠠ ᠶᠢᠨ ᠳᠡᠳ᠋ ᠳᠠᠷᠤᠭ᠎ᠠ᠂ | ᠬᠤᠳᠠ ᠶᠢᠨ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ ᠰᠦᠨ ᠬᠠᠢ ᠲᠤᠤ ᠬᠤᠷᠠᠯ ᠳᠤ ᠣᠷᠣᠯᠴᠠᠪᠠ᠃ |