5 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠸᠠᠩ ᠸᠠᠩ ᠱᠧᠩ ᠨᠢᠩᠴᠧᠩ ᠰᠢᠶᠠᠨ ᠳᠤ ᠬᠦᠷᠴᠦ ᠠᠵᠤ ᠠᠬᠤᠶ ᠶᠢᠨ ᠠᠵᠢᠯᠯᠠᠭᠠᠨ ᠤ ᠠᠵᠢᠯ ᠢ ᠪᠠᠶᠢᠴᠠᠭᠠᠨ | ᠰᠤᠳᠤᠯᠵᠤ ᠵᠢᠭᠠᠨ ᠵᠢᠯᠣᠭᠤᠳᠴᠤ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠳᠠᠯ ᠪᠠ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ | ᠪᠠᠶᠢᠳᠠᠯ ᠢ ᠣᠶᠢᠯᠠᠭᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ | ᠬᠦᠴᠢᠷᠳᠡᠯ ᠢ ᠰᠢᠢᠳᠪᠦᠷᠢᠯᠡᠵᠦ᠂ ᠡᠵᠡᠩᠨᠡᠯᠲᠡ ᠠᠷᠠᠯᠵᠢᠶᠠᠨ ᠤ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ | ᠴᠢᠬᠤᠯᠠᠴᠢᠯᠠᠪᠠ᠃ | ᠤᠯᠠᠭᠠᠨᠬᠠᠳᠠ ᠶᠢᠨ ᠵᠦᠩ ᠲᠠᠩ ᠣᠨᠴᠠ ᠪᠤᠯᠤᠳ ᠲᠡᠮᠤᠷ ᠤᠨ ᠺᠣᠮᠫᠠᠨᠢ᠂ ᠤᠯᠠᠭᠠᠨᠬᠠᠳᠠ ᠶᠢᠨ ᠵᠢᠶᠠᠨ ᡁᠢ | ᠭᠤᠤᠷᠰᠤ ᠬᠤᠭᠤᠯᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠸᠠᠩ ᠸᠠᠩ ᠱᠧᠩ ᠦᠢᠯᠡᠳᠪᠦᠷᠢ ᠪᠠ | ᠦᠢᠯᠡᠳᠪᠦᠷᠢ ᠶᠢᠨ ᠲᠠᠰᠤᠭ ᠲᠤ ᠪᠠᠭᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ | ᠰᠢᠢᠳᠪᠦᠷᠢᠯᠡᠪᠡ᠃ ᠲᠡᠷᠡ᠂ ᠠᠵᠤ ᠠᠬᠤᠶᠢᠯᠠᠯ ᠪᠣᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ | ᠬᠦᠴᠦᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ | ᠪᠠᠶᠢᠭᠤᠯᠬᠤ ᠴᠢᠬᠤᠯᠠ ᠭᠤᠣᠯ ᠴᠣᠭᠴᠠ ᠮᠥᠨ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠦᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ | ᠶᠠᠪᠤᠳᠠᠯ ᠭᠦᠢᠴᠡᠳᠭᠡᠬᠦ ᠶᠠᠪᠤᠴᠠ ᠶᠢ ᠳᠠᠰᠤᠷᠠᠯᠳᠠ ᠰᠢᠯᠢᠳᠡᠭᠵᠢᠭᠦᠯᠦᠨ᠂ ᠦᠢᠯᠡᠴᠢᠯᠡᠭᠡᠨ ᠤ ᠦᠷ᠎ᠡ ᠪᠦᠲᠦᠮᠵᠢ ᠪᠣᠯᠤᠨ | ᠶᠠᠰᠤ ᠴᠢᠨᠠᠷ ᠢ ᠳᠡᠭᠡᠭᠰᠢᠯᠡᠭᠦᠯᠵᠦ᠂ ︽ᠪᠢ ᠠᠵᠤ ᠠᠬᠤᠶᠢᠯᠠᠯ ᠳᠤ ᠵᠠᠬ᠎ᠠ ᠳᠡᠯᠭᠡᠭᠦᠷ ᠡᠷᠢᠵᠦ ᠥᠭᠬᠦ︾ ᠠᠵᠢᠯᠯᠠᠭᠠᠨ ᠢ | ᠭᠦᠨᠵᠡᠭᠡᠢ ᠥᠷᠨᠢᠭᠦᠯᠦᠨ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠪᠣᠳᠠᠲᠠᠢ ᠠᠷᠭ᠎ᠠ ᠤᠬᠠᠭᠠᠨ ᠭᠠᠷᠭᠠᠵᠤ | ᠂ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ | ᠬᠥᠭᠵᠢᠯᠲᠡ ᠶᠢᠨ ᠢᠲᠡᠭᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ | ᠰᠣᠭᠤᠭ ᠢ ᠪᠦᠬᠦ ᠲᠠᠯ᠎ᠠ ᠪᠠᠷ ᠪᠠᠶᠢᠴᠠᠭᠠᠨ᠂ ᠬᠠᠮᠢᠶᠠᠷᠤᠯᠲᠠ ᠶᠢᠨ ᠲᠦᠪᠰᠢᠨ ᠢᠶᠠᠨ ᠳᠠᠰᠤᠷᠠᠯᠳᠠ ᠦᠬᠡᠢ | ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠦᠬᠡᠢ ᠪᠠᠶᠢᠬᠤ ᠶᠢ | ᠪᠠᠲᠤᠯᠠᠬᠤ ᠬᠡᠷᠡᠭᠲᠡᠢ᠃ ᠭᠠᠷᠤᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠪᠠᠶᠢᠭᠤᠯᠵᠤ ᠪᠠᠶᠢᠭ᠎ᠠ ᠪᠠ ᠶᠠᠪᠤᠭᠳᠠᠭᠤᠯᠵᠤ ᠪᠠᠶᠢᠭ᠎ᠠ ᠦᠢᠯᠡᠳᠪᠦᠷᠢᠯᠡᠯ ᠤᠨ ᠵᠦᠢᠯᠡᠰ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠪᠴᠢᠯᠡᠨ ᠠᠬᠢᠭᠤᠯᠵᠤ᠂ ᠡᠷᠲᠡᠬᠡᠨ ᠭᠠᠷᠤᠯᠲᠠ ᠳᠤ ᠬᠦᠷᠭᠡᠵᠦ | ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠰᠢ ᠽᠢ ᠪᠠᠯᠭᠠᠰᠤ ᠶᠢᠨ ᠴᠢ ᠵᠢᠶᠠ ᠶᠢᠩᠽᠢ ᠲᠣᠰᠬᠤᠨ ᠤ ᠢᠩᠲᠣᠣᠷ ᠤᠨ ᠶᠠᠳᠠᠭᠤ ᠶᠢ ᠲᠡᠳᠬᠦᠬᠦ ᠠᠵᠤ | ᠦᠢᠯᠡᠰ ᠤᠨ ᠬᠦᠷᠢᠶᠡᠯᠡᠩ ᠳᠤ᠂ ᠸᠠᠩ ᠸᠠᠩ ᠱᠧᠩ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠲᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠦᠷᠢᠶᠡᠯᠡᠩ ᠲᠣᠭᠤᠷᠢᠭ ᠤᠨ ᠡᠵᠡᠩᠨᠡᠯᠲᠡ᠂ ᠲᠣᠭᠠᠴᠢᠯᠠᠭᠰᠠᠨ ᠠᠷᠭ᠎ᠠ | ᠪᠠᠷᠢᠯ ᠤᠨ ᠬᠡᠷᠡᠭᠯᠡᠯᠲᠡ᠂ ᠤᠯᠠᠨ ᠲᠦᠮᠡᠨ ᠤ ᠣᠷᠣᠯᠭ᠎ᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ | ᠲᠡᠷᠡ᠂ ᠣᠳᠣᠬᠢᠴᠢᠯᠠᠭᠰᠠᠨ ᠬᠥᠳᠡᠭᠡ ᠠᠵᠤ ᠠᠬᠤᠢ ᠶᠢ ᠬᠥᠭᠵᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢᠨ ᠴᠢᠬᠤᠯᠠ ᠬᠥᠳᠡᠯᠭᠡᠬᠦ ᠬᠦᠴᠦᠨ ᠮᠥᠨ᠃ ᠤᠨᠴᠠᠯᠢᠭᠳᠤ ᠭᠤᠣᠯᠯᠠᠬᠤ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠦᠴᠦᠨ ᠤ ᠡᠬᠢ ᠪᠠᠶᠠᠯᠢᠭ ᠢ ᠲᠥᠪᠯᠡᠷᠡᠭᠦᠯᠦᠨ᠂ ᠬᠡᠯᠬᠢᠶ᠎ᠡ ᠶᠢ | ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠪᠠᠷ ᠴᠢᠷᠮᠠᠶᠢᠵᠤ᠂ ᠲᠣᠯᠣᠭᠠᠶᠢᠯᠠᠭᠴᠢ ᠠᠵᠤ ᠠᠬᠤᠶᠢᠯᠠᠯ ᠪᠠ ᠰᠢᠨ᠎ᠡ | ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠦᠷᠭᠦᠯᠵᠢᠯᠡᠨ ᠪᠤᠶᠢᠵᠢᠭᠤᠯᠵᠤ᠂ ᠲᠠᠷᠢᠶᠠᠯᠠᠩ ᠤᠨ | ᠦᠢᠯᠡᠳᠪᠦᠷᠢᠯᠡᠯ ᠤᠨ ᠠᠷᠭ᠎ᠠ ᠮᠠᠶ᠋ᠢᠭ᠂ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠤᠨ ᠣᠳᠣᠬᠢᠴᠢᠯᠠᠯᠲᠠ ᠶᠢ | ᠲᠦᠷᠭᠡᠪᠴᠢᠯᠡᠨ ᠠᠬᠢᠭᠤᠯᠬᠤ ᠬᠡᠷᠡᠭᠲᠡᠶ᠃ ᠲᠠᠷᠢᠶᠠᠯᠠᠩ ᠤᠨ ᠲᠣᠭᠠᠴᠢᠯᠠᠭᠰᠠᠨ ᠠᠵᠠ ᠲᠣᠬᠢᠶᠠᠯ ᠢ ᠴᠢᠩᠭ᠎ᠠ ᠠᠳᠬᠤᠵᠤ | ᠂ ᠤᠳᠤ ᠪᠠᠶᠢᠭ᠎ᠠ ᠡᠬᠢ ᠪᠠᠶᠠᠯᠢᠭ ᠢ ᠨᠢᠭᠡᠳᠦᠯᠲᠡᠢ ᠲᠥᠯᠦᠪᠵᠢᠭᠦᠯᠦᠨ᠂ ᠲᠣᠭᠠᠴᠢᠯᠠᠭᠰᠠᠨ ᠮᠡᠷᠭᠡᠵᠢᠯ ᠢ ᠲᠠᠷᠢᠶᠠᠯᠠᠩ ᠤᠨ | ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ | ᠲᠣᠭᠠᠴᠢᠯᠠᠭᠰᠠᠨ ᠡᠨᠧᠷᠭᠢ ᠪᠠᠷ ᠲᠠᠷᠢᠶᠠᠯᠠᠩ ᠢ ᠴᠢᠨᠠᠷ ᠰᠠᠶᠢᠲᠠᠢ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠡᠨᠡ ᠬᠤᠭᠤᠴᠠᠭᠠᠨ ᠳᠤ᠂ ᠸᠠᠩ ᠸᠠᠩ ᠱᠧᠩ ᠪᠠᠰᠠ ᠨᠢᠩᠴᠧᠩ ᠤᠨ ᠲᠢᠶᠠᠨ ᠬᠤᠩ ᠠᠭᠤᠷᠬᠠᠢ ᠶᠢᠨ | ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠭᠤᠷᠬᠠᠢ ᠶᠢ ᠰᠡᠷᠭᠦᠭᠡᠨ ᠵᠠᠰᠠᠭᠰᠠᠨ ᠪᠠᠶᠢᠳᠠᠯ ᠢ ᠪᠠᠶᠢᠴᠠᠭᠠᠨ | ᠰᠤᠳᠤᠯᠪᠠ᠃ ᠲᠡᠷᠡ᠂ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠯᠤᠰ ᠲᠦᠷᠦ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠦᠨ᠂ ︽ᠠᠷᠢᠭᠤᠨ ᠲᠤᠩᠭᠠᠯᠠᠭ ᠣᠷᠴᠢᠨ ᠪᠠᠶᠢᠭᠠᠯᠢ ᠨᠢ ᠠᠯᠲᠠ | ᠮᠦᠩᠭᠦ ᠠᠴᠠ ᠦᠨᠡᠲᠡᠢ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠵᠠᠰᠠᠨ ᠰᠡᠷᠭᠦᠭᠡᠬᠦ ᠠᠵᠢᠯ ᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ | ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠲᠥᠰᠦᠯ ᠲᠣᠭᠲᠠᠭᠠᠵᠤ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠬᠤ ᠶᠢ ᠪᠠᠷᠢᠮᠲᠠᠯᠠᠨ᠂ ᠣᠨᠤᠴᠠᠲᠠᠢ ᠵᠠᠰᠠᠵᠤ᠂ ᠵᠠᠰᠠᠯᠲᠠ ᠶᠢᠨ ᠪᠣᠳᠠᠲᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ᠃ ᠱᠠᠭᠠᠷᠳᠠᠨ ᠵᠢᠯᠣᠭᠤᠳᠴᠤ ᠵᠣᠬᠢᠴᠠᠭᠤᠯᠬᠤ ᠡᠷᠴᠢᠮ ᠢᠶᠠᠨ | ᠴᠢᠩᠭᠠᠷᠠᠭᠤᠯᠤᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠠᠭᠤᠷᠬᠠᠶ ᠶᠢᠨ ᠠᠮᠢ | ᠠᠬᠤᠶ ᠶᠢ ᠰᠡᠷᠭᠦᠭᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠲᠠ ᠶᠢᠨ ᠳᠡᠳ᠋ ᠳᠠᠷᠤᠭ᠎ᠠ ᠵᠣᠣ ᡁᠢ ᠭᠠᠩ᠂ ᠨᠢᠩᠴᠧᠩ ᠰᠢᠶᠠᠨ᠂ ᠬᠤᠲᠠ ᠶᠢᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ |