ᠯᠢᠨᠰᠢ ᠰᠢᠶᠠᠨ ᠴᠢᠬᠤᠯᠠ ᠶᠡᠭᠡ ᠲᠦᠷᠦᠯ ᠵᠦᠢᠯ ᠢ ᠨᠥᠭᠡᠴᠡᠯᠡᠬᠦ ᠠᠵᠢᠯ ᠢ ᠦᠨᠡᠨᠬᠦ ᠰᠠᠶᠢᠲᠤᠷ ᠬᠢᠪᠡ
ᠨᠡᠶᠢᠲᠡᠯᠡᠭᠰᠡᠨ ᠴᠠᠭ᠄
2022/5/10
      ᠨᠢᠭᠡ ᠳᠤ᠂ ᠮᠠᠨ ᠤ ᠰᠢᠶᠠᠨ ᠲᠦᠷᠦᠯ ᠵᠦᠢᠯ ᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠳᠠ ᠶᠢᠨ ︽ᠲᠠᠪᠤᠨ ᠶᠡᠭᠡ ᠬᠥᠭᠵᠢᠯᠲᠡ︾ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ 10 ᠬᠤᠪᠢᠶᠠᠷᠢ ᠲᠥᠰᠥᠯ ᠢ ᠨᠠᠶᠢᠷᠠᠭᠤᠯᠤᠨ ᠵᠣᠬᠢᠶᠠᠵᠤ᠂ 270 ᠲᠦᠷᠦᠯ ᠵᠦᠢᠯ ᠢ ᠲᠥᠯᠥᠪᠵᠢᠭᠦᠯᠪᠡ᠃ 2022 ᠣᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ 58 ᠶᠢ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ 103 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 32.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠬᠡᠷᠡᠭᠵᠢᠭᠦᠯᠦᠯᠲᠡ ᠶᠢ ᠪᠠᠲᠤᠯᠠᠬᠤ ᠶᠢᠨ ᠲᠥᠯᠥᠭᠡ᠂ ᠲᠦᠷᠦᠯ ᠵᠦᠢᠯ ᠤᠨ ᠬᠠᠮᠢᠶᠠᠷᠤᠭᠴᠢ +AB ᠬᠥᠮᠥᠷᠭᠡ ᠶᠢᠨ ᠳᠦᠷᠢᠮ ᠢ ᠬᠡᠷᠡᠭᠵᠢᠭᠦᠯᠵᠦ᠂ 2022 ᠣᠨ ᠤ 4 ᠰᠠᠷ᠎ᠠ ᠳᠤ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠪᠦᠬᠦᠨ ᠢ ᠭᠦᠢᠴᠡᠳᠬᠡᠨ ᠳᠠᠭᠤᠰᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠡᠬᠢᠯᠡᠭᠦᠯᠦᠨ ᠠᠵᠢᠯ ᠢᠶᠠᠨ ᠰᠡᠷᠭᠦᠭᠡᠵᠦ᠂ ᠵᠢᠱᠢᠭᠰᠡᠨ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠬᠦᠷᠭᠡᠨ᠎ᠡ᠃      ᠬᠤᠶᠠᠷ ᠲᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠵᠤ᠂ 11 ᠠᠵᠤ ᠦᠢᠯᠡᠰ ᠤᠨ ᠬᠡᠯᠬᠢᠶ᠎ᠡ ᠪᠣᠯᠣᠨ 4 ᠠᠷᠠᠯᠵᠢᠶᠠᠴᠢᠨ ᠤᠷᠢᠬᠤ ᠲᠤᠰᠬᠠᠢ ᠠᠩᠭᠢ ᠶᠢ ᠵᠣᠬᠢᠶᠠᠨ ᠪᠠᠶᠢᠭᠤᠯᠵᠣ᠂ 1000 ᠲᠦᠮᠡᠨ ᠲᠥᠭᠦᠷᠢᠭ ᠠᠴᠠ ᠳᠡᠭᠡᠭᠰᠢᠬᠢ ᠲᠦᠷᠦᠯ ᠵᠦᠢᠯ 47 ᠠᠴᠠ  ᠢᠯᠡᠬᠦᠦ ᠪᠠᠶᠢᠯᠭᠠᠬᠤ ᠠᠷᠠᠯᠵᠢᠶᠠᠴᠢᠨ ᠤᠷᠢᠵᠤ ᠰᠠᠭᠤᠷᠢᠰᠢᠭᠤᠯᠬᠤ ᠬᠠᠷᠠᠯᠲᠠᠲᠤ ᠡᠭᠦᠷᠭᠡ ᠶᠢ ᠲᠣᠭᠲᠠᠭᠠᠪᠠ᠃      ᠭᠤᠷᠪᠠ ᠳᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠪᠦᠷᠢᠳᠬᠡᠪᠡᠰᠦ ᠵᠣᠬᠢᠬᠤ ᠶᠢ ᠨᠢ ᠪᠦᠬᠦᠨ ᠢ ᠪᠦᠷᠢᠳᠬᠡᠬᠦ ᠶᠢ ᠦᠨᠡᠨ ᠬᠦ ᠪᠠᠲᠤᠯᠠᠵᠤ᠂ ᠪᠦᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 9% ᠠᠴᠠ ᠳᠡᠭᠡᠭᠰᠢ ᠪᠠᠶᠢᠯᠭᠠᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号