ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠬᠡᠤᠨ ᠯᠠᠨᠵᠧᠦ ᠶᠡᠭᠡ ᠰᠤᠷᠭᠠᠭᠤᠯᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠤᠬᠢᠷᠠᠯᠴᠠᠪᠠ ᠸᠠᠩ ᠯᠢ ᠰᠢᠶᠠ ᠭᠠᠷ ᠤᠨ ᠦᠰᠦᠭ ᠵᠢᠷᠤᠬᠤ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2022/5/11
      5 ᠰᠠᠷ᠎ᠠ ᠶᠢᠨ 9 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠥᠬᠡᠬᠤᠲᠠ ᠳᠤ ᠯᠠᠨᠵᠧᠦ ᠶᠡᠭᠡ ᠰᠤᠷᠭᠠᠭᠤᠯᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ᠂ ᠯᠠᠨᠵᠧᠦ ᠶᠡᠭᠡ ᠰᠤᠷᠭᠠᠭᠤᠯᠢ ᠶᠢᠨ ᠵᠠᠬᠢᠷᠤᠯ ᠶᠠᠨ ᠴᠦᠨ ᠬᠤᠸᠠ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠯᠠᠨᠵᠧᠦ ᠶᠡᠭᠡ ᠰᠤᠷᠭᠠᠭᠤᠯᠢ ᠪᠠᠰᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠠᠢ᠃      ᠤᠢᠢᠷ᠎ᠠ ᠶᠢᠨ ᠵᠢᠯ ᠳᠤ᠂ ᠯᠠᠨᠵᠧᠦ ᠶᠡᠭᠡ ᠰᠤᠷᠭᠠᠭᠤᠯᠢ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠲᠠᠢ ᠠᠵᠢᠯ ᠲᠦᠷᠦᠯ ᠢᠶᠠᠷ ᠢᠶᠠᠨ ᠬᠠᠮᠲᠤᠷᠠᠯᠴᠠᠬᠤ᠂ ᠴᠢᠳᠠᠪᠤᠷᠢᠲᠠᠨ ᠢ ᠬᠥᠮᠦᠵᠢᠭᠦᠯᠦᠨ ᠬᠦᠷᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠲᠠᠯ᠎ᠠ ᠪᠠᠷ ᠤᠯᠠᠨ ᠬᠡᠯᠪᠡᠷᠢ ᠶᠢᠨ᠂ ᠤᠯᠠᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ ᠲᠣᠰ ᠤᠳᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠭᠰᠠᠨ ᠢᠶᠠᠷ ᠰᠢᠨ᠎ᠡ ᠭᠠᠷᠤᠭ᠎ᠠ ᠪᠣᠯᠭᠠᠵᠤ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠯᠠᠪᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠮᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠴᠢᠳᠠᠪᠤᠷᠢᠲᠠᠨ ᠪᠠ ᠣᠶᠤᠨ ᠤ ᠳᠡᠮᠵᠢᠯᠭᠡ ᠬᠠᠩᠭᠠᠬᠤ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号