ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/5/11
      5 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠶ᠋ᠯᠡᠰ ᠤᠨ ᠠᠮᠤᠷ ᠲᠦᠪᠰᠢᠨ ᠤ ᠵᠥᠪᠯᠡᠯ 2022 ᠣᠨ ᠤ ᠠᠩᠬᠠᠳᠤᠭᠠᠷ ᠪᠦᠬᠦᠳᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠸᠠᠩ ᠯᠢ ᠰᠢᠶᠠ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠪᠣᠯ ᠥᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠬᠤ ᠶᠡᠭᠡ ᠶᠠᠪᠤᠳᠠᠯ ᠮᠦᠨ᠂ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ︽ᠢᠳᠡᠭᠡᠨ ᠤᠮᠳᠠᠭᠠᠨ ᠤ ᠪᠠᠭ᠎ᠠ ᠶᠠᠪᠤᠳᠠᠯ︾ ᠢ ᠠᠷᠠᠳ ᠤᠨ ᠠᠮᠢᠳᠤᠷᠠᠯ ᠢ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠳᠡᠭᠡᠳᠤ ᠬᠡᠮᠵᠢᠶᠠᠨ ᠤ ᠰᠣᠨᠣᠷ ᠰᠡᠷᠡᠮᠵᠢ ᠪᠠᠷ ᠠᠯᠳᠠᠰᠢ ᠦᠯᠦ ᠭᠠᠷᠬᠤ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠸᠠᠩ ᠯᠢ ᠰᠢᠶᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠠᠳᠬᠤᠵᠤ ᠴᠢᠩᠭ᠎ᠠ ᠡᠵᠡᠮᠳᠡᠨ ᠴᠢᠩᠭ᠎ᠠ ᠬᠠᠮᠢᠶᠠᠷᠴᠤ᠂ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠴᠢᠬᠤᠯᠠ ᠱᠠᠭᠠᠷᠳᠠᠯᠭ᠎ᠠ ᠶᠢ ᠢᠳᠡᠭᠡᠨ ᠤ ᠠᠮᠤᠷ ᠲᠦᠪᠰᠢᠨ ᠤ ᠪᠦᠬᠦ ᠬᠡᠯᠬᠢᠶ᠎ᠡ ᠳᠤ ᠲᠤᠭᠤᠰᠢᠯᠠᠭᠤᠯᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠶᠦᠯᠬᠦᠢ︾ ᠶᠢ ᠡᠷᠡᠰ ᠰᠠᠶᠢᠲᠤᠷ ᠰᠠᠬᠢᠬᠤ ᠬᠡᠷᠡᠭᠲᠡᠢ᠃ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦᠨ ᠢ ᠪᠦᠷᠬᠦᠬᠦᠯᠬᠦ᠂ ᠪᠦᠬᠦᠨ ᠢ ᠬᠠᠮᠤᠷᠬᠤ ᠬᠡᠯᠪᠡᠷᠢ ᠪᠠᠷ ᠲᠥᠪᠯᠡᠷᠡᠭᠦᠯᠦᠨ ᠴᠡᠪᠡᠷᠯᠡᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠪᠣᠭᠤᠮᠲᠠ ᠬᠤᠷᠢᠭ᠎ᠠ ᠶᠢ ᠤᠷᠤᠭᠰᠢ ᠰᠢᠯᠵᠢᠭᠦᠯᠵᠤ᠂ ᠬᠥᠷᠥᠰᠥ ᠰᠢᠷᠣᠢ ᠶᠢᠨ ᠪᠣᠬᠢᠷᠲᠤᠯ ᠤᠨ ᠡᠬᠢ ᠶᠢ ᠵᠠᠰᠠᠬᠤ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠤᠰᠤᠨ ᠭᠠᠷᠤᠯᠲᠠ ᠶᠢᠨ ᠠᠮᠤᠷ ᠲᠦᠪᠰᠢᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠳᠬᠤᠵᠤ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠪᠣᠯᠤᠨ ᠡᠮ ᠤᠨ ᠵᠦᠢᠯᠡᠰ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠭᠤᠭᠴᠤᠭ᠎ᠠ ᠶᠢᠨ ᠠᠶᠤᠯ ᠲᠦᠭᠰᠢᠭᠦᠷᠢ ᠭᠡᠮ ᠰᠣᠭᠤᠭ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ ᠬᠥᠳᠡᠭᠡ ᠶᠢᠨ ᠠᠭᠤᠯᠵᠠᠷ ᠬᠡᠰᠡᠭ ᠢ ᠴᠢᠩᠭ᠎ᠠ ᠠᠩᠬᠠᠷᠤᠨ ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠢ ᠵᠠᠰᠠᠬᠤ ᠠᠵᠢᠯᠯᠠᠭ᠎ᠠ ᠪᠣᠯᠤᠨ ᠡᠮ ᠤᠨ ᠵᠦᠶ᠋ᠯᠡᠰ ᠤᠨ ᠡᠵᠡᠩᠨᠡᠯᠲᠡ ᠬᠡᠷᠡᠭᠯᠡᠯᠲᠡ ᠶᠢᠨ ᠲᠤᠰᠬᠠᠶ ᠪᠠᠶᠢᠴᠠᠭᠠᠯᠲᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠢᠩᠭ᠎ᠠ ᠠᠳᠬᠤᠵᠤ᠂ ᠨᠡᠩ ᠴᠢᠩᠭ᠎ᠠ ᠪᠠᠷᠢᠮᠵᠢᠶ᠎ᠠ ᠪᠠᠷ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠪᠣᠯᠤᠨ ᠰᠤᠷᠭᠠᠭᠤᠯᠢ ᠶᠢᠨ ᠭᠠᠳᠠᠨᠠᠬᠢ ᠲᠥᠪᠯᠡᠷᠡᠭᠦᠯᠦᠨ ᠬᠤᠭᠤᠯᠠ ᠬᠠᠩᠭᠠᠬᠤ ᠨᠢᠭᠡᠴᠢ ᠪᠦᠬᠦᠨ ᠢ ᠵᠢᠭᠰᠠᠭᠠᠨ ᠪᠠᠶᠢᠴᠠᠭᠠᠵᠤ᠂ ᠬᠡᠦᠬᠡᠳ ᠤᠳ ᠢ ᠢᠳᠡᠵᠤ ᠤᠤᠭᠤᠬᠤ ᠳᠤᠨᠢ ᠪᠠᠶᠠᠷ ᠬᠦᠷ ᠲᠠᠢ ᠪᠠᠶᠢᠯᠭᠠᠵᠤ᠂ ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃ ᠲᠦᠷᠦᠯ ᠲᠡᠮᠳᠡᠭ ᠤᠨ ᠪᠠᠷᠢᠮᠵᠢᠶ᠎ᠠ ᠶᠢ ᠬᠦᠴᠦᠲᠡᠶ ᠠᠳᠬᠤᠵᠤ᠂ ᠲᠡᠷᠢᠭᠦᠨ ᠤ ᠬᠢᠷᠢ ᠲᠦᠪᠰᠢᠨ ᠢᠶᠠᠷ ᠪᠠᠷᠢᠮᠵᠢᠶᠠᠯᠠᠭᠰᠠᠨ᠂ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ᠂ ᠪᠤᠳᠠᠳᠠᠢ ᠬᠡᠷᠡᠭᠴᠡᠭᠡ ᠲᠠᠢ ᠪᠥᠭᠡᠳ ᠲᠤᠰᠠᠲᠠᠶ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠢᠲᠡᠭᠡᠮᠵᠢ ᠶᠢᠨ ᠲᠠᠩᠰᠠ ᠶᠢ ᠲᠡᠭᠦᠯᠳᠡᠷᠵᠢᠭᠦᠯᠵᠦ᠂ ᠢᠳᠡᠭᠡᠨ ᠤ ᠬᠦᠷᠢᠶᠡᠨ ᠤ ︽ᠬᠠᠷ᠎ᠠ ᠲᠠᠩᠰᠠ︾ ᠶᠢᠨ ᠲᠦᠷᠢᠮ ᠢ ᠪᠠᠶᠢᠭᠤᠯᠵᠤ᠂ ᠢᠲᠡᠭᠡᠮᠵᠢ ᠶᠢᠨ ᠲᠤᠭ᠎ᠠ ᠪᠠᠷᠢᠮᠲᠠ ᠶᠢ ᠠᠰᠢᠭᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠠᠷᠢᠨ ᠣᠨᠣᠴᠠᠲᠠᠶ ᠪᠠᠷ ︽ᠵᠢᠷᠤᠭᠯᠠᠬᠤ︾ ᠬᠡᠷᠡᠭᠲᠡᠶ ᠭᠡᠵᠤ ᠴᠢᠬᠤᠯᠠᠴᠢᠯᠠᠪᠠ᠃      ᠸᠠᠩ ᠯᠢ ᠰᠢᠶᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠨᠡᠶᠢᠭᠡᠮ ᠤᠨ ᠬᠠᠮᠲᠤ ᠪᠠᠷ ᠵᠠᠰᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠡᠷᠬᠡ ᠬᠠᠷᠢᠭᠤᠴᠠᠯᠭ᠎ᠠ ᠲᠣᠳᠣᠷᠬᠠᠢ᠂ ᠱᠠᠯᠠᠪᠳᠠᠭᠤᠯᠬᠤ ᠳᠤ ᠬᠦᠴᠦᠲᠡᠢ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠢᠳᠡᠭᠡᠨ ᠪᠠ ᠡᠮ ᠤᠨ ᠵᠦᠶ᠋ᠯᠡᠰ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠾᠧᠩ ᠰᠢᠶᠤᠤ ᠹᠠᠨ᠂ ᠴᠢ᠊ ᠪᠠᠲᠤ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号