ᠯᠢᠨᠰᠢ ᠰᠢᠶᠠᠨ ᠤ ᠳ᠋ᠠ ᠵᠢᠩ ᠽᠢ ᠶᠢᠨ ᠲᠤᠰᠠᠭᠠᠷ ᠦᠢᠯᠡᠳᠪᠦᠷᠢ ᠠᠭᠤᠷᠬᠠᠢ ᠶᠢᠨ ᠣᠷᠣᠨ ᠢ ᠥᠭᠡᠷᠡᠴᠢᠯᠡᠨ ᠳᠡᠭᠡᠭᠰᠢᠯᠡᠭᠦᠯᠬᠦ ᠲᠦᠷᠦᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ
ᠨᠡᠶᠢᠲᠡᠯᠡᠭᠰᠡᠨ ᠴᠠᠭ᠄
2022/5/11
      ᠲᠣᠰ ᠲᠥᠷᠥᠯ ᠵᠦᠢᠯ ᠳᠤ ᠰᠠᠭᠤᠭᠠᠯᠢ ᠠᠷᠠᠳ ᠢ ᠠᠶᠤᠯ ᠠᠴᠠ ᠵᠠᠶᠢᠯᠠᠭᠤᠯᠤᠨ ᠨᠡᠭᠦᠯᠭᠡᠬᠦ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ᠂ ᠠᠮᠢ ᠠᠬᠤᠢ ᠶᠢ ᠰᠡᠷᠭᠦᠭᠡᠬᠦ ᠪᠠ ᠴᠡᠭᠴᠡᠯᠡᠨ ᠵᠠᠰᠠᠬᠤ᠂ ᠵᠠᠯᠭᠠᠭᠤᠯᠤᠨ ᠣᠷᠣᠯᠠᠭᠤᠯᠬᠤ ᠠᠵᠤ ᠦᠢᠯᠡᠰ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠵᠡᠷᠭᠡ 4 ᠲᠠᠯ᠎ᠠ ᠶᠢᠨ ᠨᠡᠶᠢᠲᠡ 19 ᠲᠥᠷᠥᠯ ᠵᠦᠢᠯ ᠪᠠᠭᠲᠠᠨ᠎ᠠ᠃ ᠡᠭᠦᠨ ᠳᠤ ᠲᠤᠰᠠᠭᠠᠷ ᠦᠢᠯᠡᠳᠪᠦᠷᠢ ᠠᠭᠤᠷᠬᠠᠢ ᠶᠢᠨ ᠣᠷᠣᠨ ᠤ ᠰᠠᠭᠤᠭᠠᠯᠢ ᠠᠷᠠᠳ ᠢ ᠠᠶᠤᠯ ᠠᠴᠠ ᠵᠠᠶᠢᠯᠠᠭᠤᠯᠤᠨ ᠨᠡᠭᠦᠯᠭᠡᠬᠦ ᠲᠦᠷᠦᠯ ᠵᠦᠢᠯ ᠢ 2020 ᠣᠨ ᠤ 9 ᠰᠠᠷ᠎ᠠ ᠠᠴᠠ ᠡᠬᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 5024 ᠲᠦᠮᠡᠨ ᠲᠥᠭᠦᠷᠢᠭ ᠲᠤ ᠬᠦᠷᠴᠦ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠨᠢ 10990 ᠲᠡᠭᠰᠢ ᠳᠥᠷᠪᠡᠯᠵᠢᠨ ᠮᠧᠲᠷ ᠲᠤ ᠬᠦᠷᠴᠦ᠂ ᠨᠡᠶᠢᠳᠡ 157 ᠡᠷᠤᠬᠡ 471 ᠬᠥᠮᠥᠨ ᠢ ᠲᠥᠪᠬᠢᠨᠡᠭᠦᠯᠵᠦ᠂ ᠤᠳᠤ ᠨᠢᠭᠡᠨᠲᠡ ᠪᠦᠬᠦ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠥᠭᠡᠳ ᠪᠠᠷᠢᠯᠭ᠎ᠠ ᠶᠢᠨ ᠠᠵᠢᠯ ᠪᠠᠨ ᠳᠠᠭᠤᠰᠬᠠᠨ ᠰᠢᠯᠭᠠᠨ ᠠᠪᠤᠯᠲᠠ ᠶᠢ ᠪᠡᠶᠡᠯᠡᠭᠦᠯᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号