ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ 5 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠪᠥᠬᠦ ᠣᠷᠣᠨ | ᠨᠢᠭᠡᠨᠲᠡ 5753.4 ᠲᠦᠮᠡᠨ ᠮᠥ ᠠᠮᠤ ᠪᠤᠳᠠᠭᠠᠨ ᠤ ᠲᠠᠷᠢᠮᠠᠯ ᠳᠠᠷᠢᠵᠤ᠂ ᠠᠬᠢᠴᠠ ᠨᠢ 51.8% ᠳᠤ ᠬᠦᠷᠴᠦ᠂ | ᠬᠠᠪᠤᠷ ᠤᠨ ᠲᠠᠷᠢᠶᠠᠯᠠᠭ᠎ᠠ ᠣᠷᠭᠢᠯ ᠤᠨ ᠬᠤᠭᠤᠴᠠᠭᠠᠨ ᠳᠤ ᠪᠠᠨ ᠣᠷᠣᠵᠠᠶ᠃ ᠡᠭᠦᠨ ᠳᠤ᠂ ᠪᠥᠬᠦ ᠣᠷᠣᠨ ᠢᠶᠠᠷ ᠢᠶᠠᠨ | ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ ᠬᠤᠯᠢᠮᠠᠭ ᠲᠠᠷᠢᠮᠠᠯ ᠢ 67 ᠲᠦᠮᠡᠨ ᠮᠥ ᠲᠠᠷᠢᠵᠤ᠂ | ᠶᠡᠷᠦᠩᠬᠡᠶ ᠲᠠᠷᠢᠮᠠᠯ ᠤᠨ ᠡᠭᠦᠷᠭᠡ ᠶᠢᠨ 41.9% ᠶᠢ ᠡᠵᠡᠯᠡᠪᠡ᠃ | ᠬᠠᠪᠤᠷ ᠤᠨ ᠲᠠᠷᠢᠶᠠᠯᠠᠭ᠎ᠠ ᠠᠴᠠ ᠨᠠᠭᠠᠰᠢ᠂ ᠮᠠᠨ ᠤ ᠣᠷᠣᠨ ᠤ ᠰᠢᠮᠡᠳᠬᠡᠯ ᠤᠨ ᠪᠠᠶᠢᠳᠠᠯ ᠶᠡᠷᠦᠩᠬᠡᠶ ᠳᠤ ᠪᠠᠨ | ᠨᠡᠯᠢᠶᠡᠳ ᠰᠠᠶᠢᠨ᠂ ᠴᠠᠭ ᠠᠭᠤᠷ ᠤᠨ ᠲᠣᠪᠴᠢᠶ᠎ᠠ ᠶᠢᠨ 5 ᠳ᠋ᠤᠭᠠᠷ ᠰᠠᠷ᠎ᠠ ᠶᠢᠨ 4 ᠤ ᠡᠳᠦᠷ ᠤᠨ ᠬᠢᠨᠠᠨ | ᠰᠢᠨᠵᠢᠯᠡᠯᠲᠡ ᠠᠴᠠ ᠦᠵᠡᠪᠡᠯ᠂ ᠮᠠᠨ ᠤ ᠣᠷᠣᠨ ᠤ ᠨᠢᠭᠡ᠂ ᠬᠤᠶᠠᠷ᠂ ᠭᠤᠷᠪᠠᠳᠤᠭᠠᠷ ᠲᠥᠷᠥᠯ ᠤᠨ ᠰᠢᠮᠡᠳᠬᠡᠯ ᠤᠨ | ᠪᠠᠶᠢᠳᠠᠯ ᠤᠨ ᠲᠠᠯᠠᠪᠠᠶ ᠲᠣᠰ ᠪᠦᠷᠢ ᠪᠥᠬᠦ ᠣᠷᠣᠨ ᠤ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 32.5%᠂ | 38.2%᠂ 29.3% ᠶᠢ ᠡᠵᠡᠯᠡᠵᠦ᠂ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠲᠠᠢ ᠬᠠᠷᠢᠴᠠᠭᠤᠯᠪᠠᠯ᠂ | ᠨᠢᠭᠡᠳᠦᠭᠡᠷ ᠲᠥᠷᠥᠯ ᠤᠨ ᠰᠢᠮᠡᠳᠬᠡᠯ ᠤᠨ ᠲᠠᠯᠠᠪᠠᠶ 25 ᠵᠠᠭᠤᠨ ᠤ ᠴᠡᠭ ᠨᠡᠮᠡᠭᠳᠡᠵᠦ᠂ ᠬᠤᠶᠠᠳᠤᠭᠠᠷ ᠲᠥᠷᠥᠯ ᠤᠨ | ᠰᠢᠮᠡᠳᠬᠡᠯ ᠤᠨ ᠲᠠᠯᠠᠪᠠᠶ 2 ᠵᠠᠭᠤᠨ ᠤ ᠴᠡᠭ ᠨᠡᠮᠡᠭᠳᠡᠨ᠂ ᠭᠤᠷᠪᠠᠳᠤᠭᠠᠷ ᠲᠥᠷᠥᠯ ᠤᠨ ᠰᠢᠮᠡᠳᠬᠡᠯ ᠤᠨ ᠲᠠᠯᠠᠪᠠᠶ 27 | ᠵᠠᠭᠤᠨ ᠤ ᠴᠡᠭ ᠪᠠᠭᠠᠰᠴᠤ᠂ ᠰᠢᠮᠡᠳᠬᠡᠯ ᠤᠨ ᠪᠠᠶᠢᠳᠠᠯ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠠᠴᠠ | ᠢᠯᠡᠳᠲᠡ ᠰᠠᠶᠢᠨ ᠪᠣᠯᠵᠠᠶ᠃ | ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ 4 ᠵᠢᠯ ᠳᠠᠷᠠᠭᠠᠯᠠᠨ 700 ᠳ᠋ᠦᠩᠰᠢᠭᠤᠷ ᠵᠢᠩ ᠠᠴᠠ | ᠳᠡᠭᠡᠭᠰᠢ ᠪᠠᠶᠢᠬᠤ ᠶᠢ ᠪᠠᠲᠤᠯᠠᠯ᠎ᠠ᠃ 2021 ᠣᠨ ᠳᠤ ᠠᠮᠤ ᠪᠤᠳᠠᠭᠠᠨ ᠤ ᠤᠨᠠᠯᠲᠠ ᠡᠮᠦᠨᠡᠰᠢ 2 ᠣᠷᠣᠨ ᠳᠡᠪᠰᠢᠨ᠂ | ᠪᠦᠬᠦ ᠤᠯᠤᠰ ᠤᠨ ᠵᠢᠷᠭᠤᠳᠤᠭᠠᠷ ᠪᠠᠶᠢᠷᠢᠨ ᠳᠤ ᠵᠢᠭᠰᠠᠭᠠᠭᠳᠠᠵᠠᠢ᠃ ᠠᠮᠤ ᠪᠤᠳᠠᠭᠠᠨ ᠤ ᠭᠠᠷᠤᠯᠲᠠ ᠶᠢᠨ | ᠨᠡᠮᠡᠭᠳᠡᠯ ᠤᠨ ᠬᠡᠮᠵᠢᠶ᠎ᠡ ᠨᠢ ᠪᠦᠬᠦ ᠤᠯᠤᠰ ᠤᠨ ᠨᠡᠮᠡᠭᠳᠡᠯ ᠤᠨ ᠬᠡᠮᠵᠢᠶᠡᠨ ᠤ 13.18% ᠶᠢ ᠡᠵᠡᠯᠡᠵᠦ᠂ ᠪᠦᠬᠦ | ᠤᠯᠤᠰ ᠤᠨ ᠳᠥᠷᠪᠡᠳᠦᠭᠡᠷ ᠲᠤ ᠣᠷᠣᠭᠰᠠᠨ ᠶᠤᠮ᠃ | ᠪᠣᠬᠢᠷᠲᠤᠯ ᠥᠬᠡᠶ ︽ᠠᠮᠤ ᠪᠤᠳᠠᠭᠠᠨ ᠤ ᠬᠥᠮᠥᠷᠭᠡ︾ ᠪᠣᠯᠤᠭᠰᠠᠨ ᠤ ᠬᠤᠪᠢ ᠳᠤ᠂ ᠡᠨᠡ ᠵᠢᠯ ᠮᠠᠨ ᠤ | ᠣᠷᠣᠨ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ᠂ ᠦᠢᠯᠡᠳᠪᠦᠷᠢᠯᠡᠭᠴᠢᠳ ᠲᠤ ᠣᠯᠭᠤᠬᠤ | ᠨᠥᠬᠦᠪᠥᠷᠢ᠂ ᠠᠮᠤ ᠪᠤᠳᠠᠭ᠎ᠠ ᠳᠠᠷᠢᠬᠤ ᠲᠠᠷᠢᠶᠠᠴᠢᠳ ᠲᠤ ᠨᠢᠭᠡ ᠯᠠ ᠤᠳᠠᠭ᠎ᠠ ᠶᠢᠨ ᠴᠢᠨᠠᠷᠲᠠᠶ ᠣᠯᠭᠤᠬᠤ ᠨᠥᠬᠦᠪᠥᠷᠢ | 156.9 ᠳ᠋ᠦᠩᠰᠢᠭᠤᠷ ᠲᠥᠭᠦᠷᠢᠭ ᠢ ᠴᠠᠭ ᠲᠤᠬᠠᠶ ᠳᠤ ᠨᠢ ᠰᠠᠯᠭᠠᠨ ᠪᠠᠭᠤᠯᠭᠠᠵᠤ᠂ ᠲᠠᠷᠢᠶᠠᠴᠢᠳ ᠤᠨ ᠠᠮᠤ | ᠪᠤᠳᠠᠭ᠎ᠠ ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠵᠤ ᠪᠠᠶᠢᠨ᠎ᠠ᠃ ᠡᠭᠦᠨ ᠤ ᠬᠠᠮᠲᠤ᠂ ᠡᠷᠳᠡᠨᠢ ᠰᠢᠰᠢ ᠪᠠ | ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠣᠯᠭᠤᠬᠤ ᠨᠥᠬᠦᠪᠥᠷᠢ ᠶᠢᠨ ᠵᠥᠷᠢᠶ᠎ᠡ ᠶᠢ ᠶᠡᠬᠡᠰᠬᠡᠨ᠂ ᠥᠪᠡᠷᠲᠡᠭᠡᠨ | ᠵᠠᠰᠠᠬᠤ ᠣᠷᠣᠨ ᠦᠢᠯᠡᠳᠪᠦᠷᠢᠯᠡᠭᠴᠢᠳ ᠲᠤ ᠣᠯᠭᠤᠬᠤ 5% ᠶᠢᠨ ᠨᠥᠬᠦᠪᠥᠷᠢ ᠶᠢ ᠲᠥᠪᠯᠡᠷᠡᠭᠦᠯᠦᠨ ᠳᠣᠭᠢᠷᠠᠭᠤᠯᠵᠤ | ᠂ ᠰᠢᠷ᠎ᠠ ᠪᠤᠷᠴᠠᠭ ᠡᠷᠳᠡᠨᠢ ᠰᠢᠰᠢ ᠰᠢᠰᠢ ᠶᠢᠨ ᠪᠦᠰᠡᠯᠢᠭ ᠬᠡᠯᠪᠡᠷᠢᠲᠡᠢ ᠬᠤᠯᠢᠮᠠᠭ ᠲᠠᠷᠢᠮᠠᠯ ᠲᠠᠷᠢᠬᠤ᠂ ᠰᠢᠯᠢᠮᠳᠡᠭ | ᠳᠠᠷᠢᠬᠤ ᠨᠥᠬᠦᠪᠥᠷᠢ ᠣᠯᠭᠤᠵᠤ ᠪᠠᠶᠢᠨ᠎ᠠ᠃ | ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠲᠠᠷᠢᠶᠠᠯᠠᠩ ᠤᠨ ᠬᠥᠭᠵᠢᠯᠲᠡ ᠶᠢᠨ | ᠬᠦᠴᠦᠨ ᠴᠢᠳᠠᠮᠵᠢ ᠶᠢ ᠡᠷᠴᠢᠮᠯᠡᠬᠦ ᠪᠣᠯ ᠡᠨᠡ ᠵᠢᠯ ᠤᠨ ᠨᠢᠭᠡᠨ ᠶᠡᠭᠡ ᠬᠢᠯᠠᠰ ᠴᠡᠭ ᠶᠤᠮ᠃ ᠣᠳᠣᠬᠠᠨ ᠳᠤ᠂ | 3000 ᠲᠦᠮᠡᠨ ᠲᠥᠭᠦᠷᠢᠭ ᠤᠨ ᠪᠠᠯᠠ ᠮᠥᠩᠭᠦ ᠶᠢ ᠨᠢᠭᠡᠳᠦᠯᠲᠡᠶ ᠲᠥᠯᠦᠪᠵᠢᠭᠦᠯᠦᠨ᠂ ᠴᠢᠨᠠᠷ ᠰᠠᠶᠢᠲᠠᠶ ᠥᠨᠳᠥᠷ | ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠦᠭᠡᠳ᠂ 12 | ᠠᠶᠢᠮᠠᠭ ᠬᠤᠲᠠ ᠶᠢᠨ 65 ᠬᠤᠰᠢᠭᠤ ᠰᠢᠶᠠᠨ ᠳᠤ ᠭᠤᠤᠯ ᠪᠣᠯᠬᠤ ᠠᠮᠤ ᠲᠣᠰᠣᠨ ᠤ ᠲᠠᠷᠢᠮᠠᠯ ᠤᠨ ᠮᠢᠩᠭᠠᠨ ᠮᠥ ᠶᠢᠨ | 100 ᠵᠢᠱᠢᠶ᠎ᠡ ᠦᠵᠡᠭᠦᠯᠬᠦ ᠬᠡᠰᠡᠭ ᠢ ᠪᠥᠲᠥᠭᠡᠨ ᠪᠠᠶᠢᠭᠤᠯᠪᠠ᠃ ᠪᠠᠰᠠ᠂ 6000 ᠲᠦᠮᠡᠨ ᠲᠥᠭᠦᠷᠢᠭ ᠤᠨ ᠪᠠᠯᠠ | ᠮᠥᠩᠭᠦ ᠶᠢ ᠨᠡᠶᠢᠯᠡᠭᠦᠯᠦᠨ᠂ ᠬᠠᠲᠤᠨ ᠭᠤᠤᠯ ᠤᠨ ᠰᠠᠪᠠ ᠭᠠᠵᠠᠷ ᠤᠨ 7 ᠠᠶᠢᠮᠠᠭ ᠬᠤᠲᠠ ᠶᠢᠨ 42 ᠬᠤᠰᠢᠭᠤ | ᠰᠢᠶᠠᠨ ᠳᠤ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ ᠮᠢᠩᠭᠠᠨ | ᠮᠥ ᠶᠢᠨ ᠪᠣᠬᠢᠷᠲᠤᠯ ᠥᠬᠡᠶ ᠬᠥᠭᠵᠢᠯᠲᠡ ᠶᠢᠨ 200 ᠵᠢᠱᠢᠶ᠎ᠡ ᠦᠵᠡᠭᠦᠯᠬᠦ ᠬᠡᠰᠡᠭ ᠢ ᠪᠥᠲᠥᠭᠡᠨ ᠪᠠᠶᠢᠭᠤᠯᠵᠤ᠂ | 3500 ᠲᠦᠮᠡᠨ ᠲᠥᠭᠦᠷᠢᠭ ᠢ ᠨᠡᠶᠢᠯᠡᠭᠦᠯᠦᠨ ᠳᠠᠭ᠎ᠠ ᠶᠢᠨ ᠨᠠᠭᠤᠷ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠲᠤ ︽ | ᠤᠰᠤᠨ ᠲᠠᠷᠢᠶ᠎ᠠ ᠶᠢ ᠬᠠᠭᠤᠷᠠᠢ ᠲᠠᠷᠢᠶ᠎ᠠ ᠪᠣᠯᠭᠠᠬᠤ︾ ᠬᠡᠰᠡᠭ ᠤᠨ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠨᠥᠬᠦᠪᠥᠷᠢ ᠣᠯᠭᠤᠵᠠᠢ᠃ | ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠨᠡᠶᠢᠳᠡᠮ ᠲᠠᠷᠢᠵᠤ ᠰᠠᠶᠢᠨ ᠳᠠᠷᠢᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠶᠢᠨ ᠬᠠᠮᠲᠤ ᠪᠠᠰᠠ ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠢ ᠬᠦᠴᠦᠯᠡᠨ | ᠨᠥᠭᠡᠴᠡᠯᠡᠵᠦ᠂ ᠴᠢᠬᠢᠭ ᠢ ᠬᠠᠮᠠᠭᠠᠯᠠᠬᠤ᠂ ᠭᠠᠩ ᠬᠠᠭᠰᠠᠷᠠᠭᠠᠨ ᠲᠠᠢ ᠲᠡᠮᠡᠴᠡᠬᠦ ︽ᠴᠣᠨᠣᠭᠯᠠᠨ ᠤᠰᠤᠯᠠᠵᠤ ᠲᠠᠷᠢᠬᠤ︾ | ᠂ ᠳᠠᠷᠢᠭᠰᠠᠨ ᠤ ᠳᠠᠷᠠᠭ᠎ᠠ ᠳᠤᠰᠤᠯᠭᠠᠨ ᠤᠰᠤᠯᠠᠬᠤ ᠵᠡᠷᠭᠡ ᠭᠠᠩ ᠬᠠᠭᠰᠠᠷᠠᠭᠠᠨ ᠲᠠᠢ ᠲᠡᠮᠡᠴᠡᠬᠦ ᠮᠡᠷᠭᠡᠵᠢᠯ ᠢ | ᠳᠡᠯᠭᠡᠷᠡᠭᠦᠯᠵᠦ᠂ ᠴᠢᠬᠢᠯᠡᠬᠦ ᠨᠣᠷᠮ᠎ᠠ ᠶᠢ ᠪᠠᠲᠤᠯᠠᠵᠤ᠂ ᠭᠠᠩ ᠬᠠᠭᠰᠠᠷᠠᠭᠠᠨ ᠲᠠᠢ ᠣᠷᠣᠨ ᠤ ᠬᠠᠪᠤᠷ ᠤᠨ | ᠲᠠᠷᠢᠶᠠᠯᠠᠭ᠎ᠠ ᠶᠢᠨ ᠠᠵᠢᠯ ᠤᠷᠤᠭᠰᠢᠲᠠᠶ ᠶᠠᠪᠤᠭᠳᠠᠬᠤ ᠵᠢᠴᠢ ᠨᠢᠭᠡᠨᠲᠡ ᠳᠠᠷᠢᠭᠰᠠᠨ ᠲᠠᠷᠢᠮᠠᠯ ᠤᠨ ᠬᠡᠪ ᠤᠨ | ᠤᠷᠭᠤᠯᠲᠠ ᠶᠢ ᠪᠠᠲᠤᠯᠠᠨ᠎ᠠ᠃ ᠡᠭᠦᠨ ᠤ ᠳᠠᠭᠠᠤ᠂ 460 ᠲᠦᠮᠡᠨ ᠲᠥᠭᠦᠷᠢᠭ ᠤᠨ ᠪᠠᠯᠠ ᠮᠥᠩᠭᠦ ᠶᠢ ᠨᠢᠭᠡᠳᠦᠯᠲᠡᠶ | ᠲᠥᠯᠦᠪᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠨᠥᠬᠦᠪᠥᠷᠢ ᠣᠯᠭᠤᠵᠤ᠂ ᠡᠪᠡᠳᠴᠢᠨ | ᠬᠤᠷᠣᠬᠠᠶ ᠶᠢ ᠬᠢᠨᠠᠨ ᠰᠢᠨᠵᠢᠯᠡᠬᠦ ᠴᠡᠭ ᠵᠡᠷᠭᠡ ᠶᠢ ᠪᠠᠶᠢᠭᠤᠯᠵᠤ᠂ ᠡᠪᠡᠳᠴᠢᠨ ᠬᠤᠷᠣᠬᠠᠶ ᠶᠢᠨ ᠭᠠᠮᠰᠢᠭ ᠡᠭᠦᠰᠬᠦ ᠶᠢ | ᠰᠡᠷᠭᠡᠶᠢᠯᠡᠨ᠎ᠡ᠃ | ᠡᠭᠦᠨ ᠤ ᠬᠠᠮᠲᠤ᠂ ᠬᠠᠪᠤᠷ ᠤᠨ ᠲᠠᠷᠢᠶᠠᠯᠠᠭ᠎ᠠ ᠶᠢ ᠵᠢᠯᠣᠭᠤᠳᠬᠤ ᠦᠢᠯᠡᠴᠢᠯᠡᠭᠡ ᠶᠢ ᠰᠠᠶᠢᠲᠤᠷ ᠬᠢᠨ᠎ᠠ᠃ | ᠬᠥᠷᠥᠰᠥ ᠰᠢᠷᠣᠶ ᠶᠢ ᠰᠢᠨᠵᠢᠨ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ᠂ ᠤᠰᠤ ᠪᠤᠷᠳᠤᠭᠤᠷ ᠢ ᠨᠢᠭᠡ | ᠴᠤᠭᠴᠠᠵᠢᠭᠤᠯᠬᠤ᠂ ᠮᠧᠬᠠᠨᠢᠭ ᠢᠶᠠᠷ ᠭᠦᠨ ᠣᠷᠣᠭᠤᠯᠤᠨ ᠪᠣᠷᠳᠤᠬᠤ ᠵᠡᠷᠭᠡ ᠰᠢᠨᠵᠢᠯᠡᠬᠦ ᠤᠬᠠᠭᠠᠨᠴᠢ ᠪᠠᠷ ᠪᠤᠷᠳᠤᠭᠤᠷ | ᠣᠷᠣᠭᠤᠯᠬᠤ ᠠᠷᠭ᠎ᠠ ᠮᠠᠶ᠋ᠢᠭ ᠢ ᠶᠡᠭᠡ ᠪᠠᠷ ᠳᠡᠯᠭᠡᠷᠡᠭᠦᠯᠵᠦ᠂ ᠬᠤᠷᠳᠤᠴᠠ ᠶᠢ ᠨᠢ ᠬᠢᠵᠠᠭᠠᠷᠯᠠᠭᠰᠠᠨ ᠠᠯᠭᠤᠷ ᠵᠠᠳᠠᠷᠠᠬᠤ | ᠪᠤᠷᠳᠤᠭᠤᠷ᠂ ᠤᠰᠤᠨ ᠳᠤ ᠠᠭᠤᠰᠬᠤ ᠪᠤᠷᠳᠤᠭᠤᠷ ᠵᠡᠷᠭᠡ ᠰᠢᠨ᠎ᠡ ᠬᠡᠯᠪᠡᠷᠢ ᠶᠢᠨ ᠥᠨᠳᠥᠷ ᠦᠷ᠎ᠡ ᠠᠰᠢᠭᠲᠤ | ᠪᠤᠷᠳᠤᠭᠤᠷ ᠢ ᠳᠡᠯᠭᠡᠷᠡᠭᠦᠯᠵᠦ᠂ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠬᠤ ᠶᠢ ᠠᠭᠤᠰᠤᠯᠴᠠᠭᠤᠯᠤᠨ | ᠠᠬᠢᠭᠤᠯᠵᠤ᠂ ᠲᠠᠷᠢᠶᠠᠴᠢᠳ ᠢ ᠬᠠᠪᠰᠤᠷᠤᠨ ᠲᠠᠷᠢᠮᠠᠯ ᠤᠨ ᠥᠪᠡᠷ ᠤᠨ ᠦᠷᠳᠡᠭ ᠢ ᠪᠠᠭᠤᠷᠠᠭᠤᠯᠤᠨ᠎ᠠ᠃ ᠪᠠᠰᠠ᠂ ᠡᠯ᠎ᠡ | ᠲᠥᠷᠥᠯ ᠤᠨ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠬᠡᠨ ᠤ ᠬᠢᠷᠢ ᠲᠦᠪᠰᠢᠨ ᠢ ᠢᠳᠡᠪᠬᠢᠲᠡᠶ | ᠳᠡᠭᠡᠭᠰᠢᠯᠡᠭᠦᠯᠵᠦ᠂ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ᠂ ᠨᠢᠭᠡᠳᠦᠯᠲᠡᠶ ᠰᠡᠷᠭᠡᠶᠢᠯᠡᠨ ᠨᠢᠭᠡᠲᠦᠯᠲᠡᠢ ᠵᠠᠰᠠᠬᠤ | ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠵᠡᠷᠭᠡ ᠦᠢᠯᠡᠳᠪᠦᠷᠢᠡᠯᠡᠯ ᠤᠨ ᠠᠷᠭ᠎ᠠ ᠮᠠᠶ᠋ᠢᠭ ᠢ ᠥᠷᠨᠢᠭᠦᠯᠬᠦ ᠶᠢ | ᠳᠡᠮᠵᠢᠵᠦ᠂ ᠡᠷᠴᠢᠮᠵᠢᠭᠦᠯᠦᠭᠰᠡᠨ ᠡᠵᠡᠩᠨᠡᠯᠲᠡ ᠶᠢ ᠳᠠᠶᠢᠴᠢᠯᠠᠨ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ | ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ |