ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠳ᠋ ᠪᠠᠷᠠᠭᠠᠨ ᠤ  ᠭᠦᠢᠯᠭᠡᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/5/12
      5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠤᠰᠬᠠᠢ ᠰᠡᠳᠦᠪᠲᠦ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠳᠡᠷᠡᠬᠦ ᠶᠢ ᠪᠠᠳᠤᠯᠠᠵᠤ ᠠᠵᠤ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ ᠲᠤᠭᠳᠠᠭᠤᠨ ᠢ ᠠᠬᠢᠭᠤᠯᠬᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠸᠠᠩ ᠯᠢ ᠰᠢᠶᠠ᠂ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠡᠰᠡᠬᠦ ᠨᠢ ᠠᠵᠤ ᠠᠬᠤᠢ ᠨᠡᠶᠢᠭᠡᠮ ᠤᠨ ᠬᠥᠭᠵᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠳᠤ ᠬᠤᠯᠪᠣᠭᠳᠠᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ  ᠬᠢᠨ ᠡᠷᠬᠡᠪᠰᠢ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠣᠭᠲᠠᠴᠠ ᠪᠠᠨ ᠪᠦᠷᠢᠨᠰᠢᠬᠦᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠮᠥᠷᠳᠡᠨ ᠱᠠᠯᠠᠪᠳᠠᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠢᠳᠡᠪᠬᠢᠲᠡᠢ ᠪᠠᠷ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠡᠳ᠋ ᠪᠠᠷᠠᠭᠠᠨ ᠤ ᠭᠦᠢᠯᠭᠡᠭᠡ ᠶᠢᠨ ᠭᠤᠣᠯ ᠰᠤᠳᠠᠰᠤ ᠶᠢ ᠦᠨᠡᠨ ᠬᠦ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ ᠯᠢ ᠰᠢᠶᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠳᠡᠷᠡᠬᠦ ᠶᠢ ᠪᠠᠲᠤᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠰᠠᠭᠠᠳ ᠦᠭᠡᠢ ᠨᠡᠪᠲᠡᠷᠡᠵᠤ ᠡᠮᠬᠢ ᠵᠢᠷᠤᠮ ᠲᠠᠢ ᠪᠠᠶᠢᠬᠤ ᠳᠡᠭᠡᠷ᠎ᠡ ᠬᠦᠴᠦ ᠲᠠᠯᠪᠢᠵᠤ᠂ ᠬᠡᠲᠦᠷᠬᠡᠢ ᠰᠡᠷᠭᠡᠶᠢᠯᠡᠨ ᠡᠵᠡᠮᠳᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠰᠠᠶᠢᠲᠤᠷ ᠬᠢᠬᠦ ᠬᠡᠷᠡᠭᠲᠡᠢ᠃  ᠦᠢᠯᠡᠴᠢᠯᠡᠭᠡ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠬᠡᠷᠡᠭᠲᠡᠶ᠃ ᠣᠨᠣᠴᠠᠳᠠᠢ ᠬᠠᠮᠢᠶᠠᠷᠤᠨ ᠡᠵᠡᠮᠳᠡᠬᠦ ᠳᠡᠭᠡᠷ᠎ᠡ ᠬᠦᠴᠦ ᠲᠠᠯᠪᠢᠵᠤ᠂ ᠡᠳ᠋ ᠪᠠᠷᠠᠭᠠᠨ ᠤ ᠭᠦᠢᠯᠭᠡᠭᠡ ᠶᠢᠨ ᠡᠷᠭᠢᠯᠳᠡ ᠶᠢᠨ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠡᠳ᠋ ᠪᠣᠳᠠᠰ ᠤᠨ ᠲᠡᠭᠡᠭᠡᠪᠦᠷᠢ ᠶᠢ ᠪᠠᠲᠤᠯᠠᠬᠤ ᠳᠡᠭᠡᠷ᠎ᠡ ᠬᠦᠴᠦ ᠲᠠᠯᠪᠢᠵᠤ᠂ ᠭᠤᠣᠯᠳᠠᠯᠭ᠎ᠠ ᠲᠠᠢ ᠡᠳ᠋ ᠪᠣᠳᠠᠰ ᠤᠨ ︽ᠦᠢᠯᠡᠳᠪᠦᠷᠢᠯᠡᠵᠦ ᠳᠡᠶᠢᠯᠬᠦ᠂ ᠲᠡᠭᠡᠭᠡᠪᠦᠷᠢᠯᠡᠵᠦ ᠳᠡᠶᠢᠯᠬᠦ᠂ ᠬᠠᠩᠭᠠᠵᠤ ᠳᠡᠶᠢᠯᠬᠦ︾ ᠶᠢ ᠪᠠᠲᠤᠯᠠᠬᠤ ᠬᠡᠷᠡᠭᠲᠡᠢ᠃ ᠬᠤᠳᠠ ᠬᠥᠳᠡᠭᠡ ᠶᠢᠨ ᠡᠳ᠋ ᠪᠠᠷᠠᠭᠠᠨ ᠤ ᠭᠦᠢᠯᠭᠡᠭᠡ ᠶᠢᠨ ᠲᠤᠬᠢᠷᠠᠭᠤᠯᠤᠨ ᠬᠦᠷᠭᠡᠬᠦ ᠳᠡᠭᠡᠷ᠎ᠡ ᠬᠦᠴᠦ ᠲᠠᠯᠪᠢᠵᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠣᠨᠣᠴᠠᠲᠠᠢ ᠰᠡᠷᠭᠡᠶᠢᠯᠡᠨ ᠡᠵᠡᠮᠳᠡᠬᠦ ᠳᠡᠭᠡᠷ᠎ᠡ ᠬᠦᠴᠦ ᠲᠠᠯᠪᠢᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠬᠦ ᠬᠡᠷᠡᠭᠲᠡᠢ᠃ ᠮᠡᠳᠡᠭᠡ ᠵᠠᠩᠭᠢ ᠶᠢ ᠢᠯᠡ ᠪᠣᠯᠭᠠᠬᠤ ᠳᠡᠭᠡᠷ᠎ᠡ ᠬᠦᠴᠦ ᠲᠠᠯᠪᠢᠵᠤ᠂ ᠨᠡᠶᠢᠭᠡᠮ ᠤᠨ ᠵᠢᠱᠢᠯᠲᠡ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠠᠶ ᠯᠢ ᠬᠤᠸᠠ᠂ ᠾᠧᠩ ᠰᠢᠶᠤᠤ ᠹᠠᠨ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠠᠶᠢᠮᠠᠭ ᠬᠤᠲᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号