ᠯᠢᠨᠰᠢ ᠰᠢᠶᠠᠨ ᠲᠦᠷᠦᠯ ᠵᠦᠢᠯ ᠳᠤ ᠬᠡᠷᠡᠭᠯᠡᠬᠦ ᠭᠠᠵᠠᠷ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/5/12
      ᠮᠠᠨ ᠤ ᠰᠢᠶᠠᠨ ᠭᠠᠵᠠᠷ ᠰᠢᠷᠣᠢ ᠶᠢᠨ ᠬᠠᠩᠭᠠᠯᠭ᠎ᠠ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ ᠲᠦᠷᠦᠯ ᠵᠦᠢᠯ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠦᠯ ᠵᠦᠢᠯ ᠳᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠪᠠ᠃ 2021 ᠣᠨ ᠳᠤ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ 16  ᠬᠡᠰᠡᠭ ᠭᠠᠵᠠᠷ ᠰᠢᠷᠣᠢ ᠬᠠᠩᠭᠠᠵᠤ᠂ ᠲᠠᠯᠠᠪᠠᠶ ᠨᠢ 4.0716 ᠾᠧᠺᠲ᠋ᠠᠷ ᠬᠦᠷᠴᠡᠢ᠃ 18 ᠬᠡᠰᠡᠭ ᠭᠠᠵᠠᠷ ᠰᠢᠷᠣᠢ ᠶᠢ ᠰᠢᠯᠵᠢᠭᠦᠯᠦᠨ ᠥᠭᠴᠦ᠂  ᠪᠦᠬᠦ ᠲᠠᠯᠠᠪᠠᠶ ᠨᠢ 261.1333 ᠾᠧᠺᠲ᠋ᠠᠷ ᠬᠦᠷᠴᠡᠢ᠃ 0.45 ᠾᠧᠺᠲ᠋ᠠᠷ 2 ᠬᠡᠰᠡᠭ ᠲᠦᠷ ᠬᠡᠷᠡᠭᠯᠡᠬᠦ ᠭᠠᠵᠠᠷ ᠢ ᠴᠣᠬᠤᠯᠠᠪᠤᠷᠢᠯᠠᠨ ᠬᠠᠷᠢᠭᠤᠯᠵᠤ  ᠂ 34.9862 ᠾᠧᠺᠲ᠋ᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠦᠪᠰᠢᠶᠡᠷᠡᠵᠡᠢ᠃ ᠲᠤᠰᠠᠭᠠᠷ  ᠭᠠᠵᠠᠷ ᠰᠣᠩᠭᠤᠭᠰᠠᠨ ᠲᠥᠷᠥᠯ ᠵᠦᠢᠯ 1 ᠪᠠᠶᠢᠵᠦ᠂ ᠲᠠᠯᠠᠪᠠᠶ ᠨᠢ 1.6013 ᠾᠧᠺᠲ᠋ᠠᠷ ᠪᠣᠯᠣᠨ᠎ᠠ᠃ 21 ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠢᠷᠣᠢ ᠶᠢᠨ ᠤᠷᠢᠳᠴᠢᠯᠠᠨ ᠬᠢᠨᠠᠯᠲᠠ ᠶᠢ ᠭᠦᠢᠴᠡᠳᠬᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠤᠷᠤᠭᠰᠢᠲᠠᠢ ᠭᠦᠢᠴᠡᠳᠬᠡᠬᠦ ᠶᠢ ᠪᠦᠲᠦᠮᠵᠢᠲᠡᠶ ᠠᠬᠢᠭᠤᠯᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号