ᠯᠢᠨᠰᠢ ᠰᠢᠶᠠᠨ ᠵᠢᠵᠢᠭ ᠦᠢᠯᠡᠳᠬᠡᠯ ᠤᠨ ᠭᠠᠵᠠᠷ ᠢ ᠬᠦᠷᠢᠶᠡᠯᠡᠩ ᠲᠣᠭᠤᠷᠢᠭ ᠲᠡᠰᠢ ᠨᠡᠶᠢᠳᠬᠡᠬᠦ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2022/5/12
      ᠨᠢᠭᠡ ᠳᠤ ᠪᠥᠬᠦ ᠰᠢᠶᠠᠨ ᠤ 186 ᠵᠢᠵᠢᠭ ᠦᠢᠯᠡᠳᠬᠡᠯ ᠤᠨ ᠭᠠᠵᠠᠷ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ ᠨᠡᠶᠢᠲᠡ 32 ᠵᠢᠵᠢᠭ ᠦᠢᠯᠡᠳᠬᠡᠯ ᠤᠨ ᠭᠠᠵᠠᠷ ᠬᠦᠷᠢᠶᠡᠯᠡᠩ ᠲᠣᠭᠤᠷᠢᠭ ᠲᠤ ᠣᠷᠣᠵᠤ᠂ 47 ᠦᠢᠯᠡᠳᠪᠦᠷᠢᠯᠡᠯ ᠤᠨ ᠲᠠᠰᠤᠭ ᠢ ᠡᠵᠡᠯᠡᠨ ᠬᠡᠷᠡᠭᠯᠡᠵᠦ᠂ ᠬᠦᠷᠢᠶᠡᠯᠡᠩ ᠲᠣᠭᠤᠷᠢᠭ ᠤᠨ ᠦᠢᠯᠡᠳᠪᠦᠷᠢ ᠶᠢᠨ ᠲᠠᠰᠤᠭ ᠤᠨ ᠪᠥᠬᠦ ᠲᠣᠭᠠᠨ ᠤ 57% ᠶᠢ ᠡᠵᠡᠯᠡᠪᠡ᠃      ᠬᠤᠶᠠᠷ ᠲᠤ ᠢᠳᠡᠭᠡᠨ ᠪᠣᠯᠪᠠᠰᠤᠷᠠᠭᠤᠯᠬᠤ ᠵᠢᠵᠢᠭ ᠲᠣᠭᠤᠷᠢᠭ ᠤᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠦᠷᠢᠶᠡᠯᠡᠩ ᠲᠣᠭᠤᠷᠢᠭ ᠲᠤ ᠰᠢᠨ᠎ᠡ ᠪᠠᠷ ᠣᠷᠣᠭᠰᠠᠨ ᠠᠵᠤ ᠠᠬᠤᠶᠢᠯᠠᠯ ᠳᠤ ᠭᠤᠷᠪᠠᠨ ᠵᠢᠯ ᠳᠤ ᠭᠤᠷᠪᠠ ᠶᠢ ᠬᠡᠯᠲᠦᠷᠢᠭᠦᠯᠬᠦ ︵ᠭᠡᠷ ᠤᠨ ᠲᠦᠷᠢᠶᠡᠰᠦ ᠶᠢ ᠬᠡᠯᠲᠦᠷᠢᠭᠦᠯᠬᠦ᠂ ᠠᠳᠠᠯ ᠠᠬᠤᠢ ᠶᠢᠨ ᠰᠦᠢᠳᠬᠡᠯ ᠢ ᠬᠡᠯᠲᠦᠷᠢᠭᠦᠯᠬᠦ᠂ ᠳᠤᠯᠠᠭᠠᠯᠠᠭ᠎ᠠ ᠶᠢᠨ ᠰᠦᠢᠳᠬᠡᠯ ᠢ ᠬᠡᠯᠲᠦᠷᠢᠭᠦᠯᠬᠦ ︶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠠ᠃      ᠭᠤᠷᠪᠠ ᠳᠤ ᠤᠬᠠᠭᠤᠯᠭ᠎ᠠ ᠪᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠠᠴᠠ ᠭᠠᠳᠠᠨᠠᠬᠢ ᠡᠯ᠎ᠡ ᠲᠥᠷᠥᠯ ᠤᠨ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠬᠡᠯ ᠢ ᠬᠦᠷᠢᠶᠡᠯᠡᠩ ᠲᠣᠭᠤᠷᠢᠭ ᠲᠤ ᠣᠷᠣᠭᠤᠯᠤᠨ ᠦᠢᠯᠡᠳᠪᠦᠷᠢᠯᠡᠬᠦ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠶᠢ ᠪᠡᠶᠡᠯᠡᠭᠦᠯᠦᠨ᠂ ᠠᠮᠤᠷ ᠲᠦᠪᠰᠢᠨ ᠤ ᠳᠠᠯᠳᠠ ᠬᠡᠮ ᠢ ᠦᠨᠳᠦᠰᠦᠨ ᠠᠴᠠ ᠨᠢ ᠠᠷᠢᠯᠭᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号