ᠤᠯᠤᠰ ᠤᠨ ᠠᠩᠬᠠᠳᠠᠭᠴᠢ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ᠥᠪᠥᠷ ᠮᠣᠩᠭᠤᠯ ᠳᠤ ᠰᠠᠭᠤᠷᠢᠰᠢᠪᠠ
ᠨᠡᠶᠢᠲᠡᠯᠡᠭᠰᠡᠨ ᠴᠠᠭ᠄
2022/5/13
     ᠣᠶᠢᠷ᠎ᠠ ᠳᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠳᠤ ᠲᠦᠰᠢᠭᠯᠡᠨ ︽ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶︾ ᠢ ᠪᠡᠯᠡᠳᠬᠡᠨ ᠪᠠᠶᠢᠭᠤᠯᠬᠤ ᠶᠢ ᠵᠥᠪᠰᠢᠶᠡᠷᠡᠪᠡ᠂ ᠲᠣᠰ ᠲᠥᠪ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠵᠥᠪᠰᠢᠶᠡᠷᠡᠵᠦ ᠪᠡᠯᠡᠳᠬᠡᠨ ᠪᠠᠶᠢᠭᠤᠯᠤᠭᠰᠠᠨ ᠤᠯᠤᠰ ᠤᠨ ᠠᠩᠬᠠᠳᠠᠭᠴᠢ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ᠪᠣᠯᠣᠨ᠎ᠠ᠃      ᠥᠪᠥᠷ ᠮᠣᠩᠭᠤᠯ ᠪᠣᠯ ᠮᠠᠨ ᠤ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠣᠨ᠎ᠠ᠂ ᠪᠠᠰᠠ ᠴᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠨᠢ ᠤᠯᠤᠰ ᠤᠨ ᠬᠤᠲᠠ ᠶᠢᠨ ᠡᠨᠧᠷᠭᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶ ᠢ ᠪᠠᠶᠢᠭᠤᠯᠵᠤ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠨᠡᠭᠦᠷᠡᠰᠦ᠂ ᠤᠰᠤ᠂ ᠴᠠᠬᠢᠯᠭᠠᠨ᠂ ᠬᠡᠢ᠂ ᠲᠣᠰᠣ᠂ ᠢᠯᠴᠢ ᠶᠢᠨ ᠡᠨᠧᠷᠭᠢ ᠵᠡᠷᠭᠡ ᠡᠨᠧᠷᠭᠢ ᠶᠢᠨ ᠬᠤᠷᠣᠭᠳᠠᠯ ᠤᠨ ᠲᠤᠭ᠎ᠠ ᠪᠠᠷᠢᠮᠲᠠ ᠶᠢ ᠰᠦᠯᠵᠢᠶᠡᠨ ᠳᠡᠭᠡᠷ᠎ᠡ ᠬᠢᠨᠠᠨ ᠬᠡᠮᠵᠢᠵᠦ ᠵᠠᠳᠠᠯᠬᠤ ᠶᠢ ᠪᠡᠶᠡᠯᠡᠭᠦᠯᠵᠦ᠂ ᠪᠠᠷᠢᠮᠵᠢᠶᠠᠵᠢᠭᠤᠯᠤᠭᠰᠠᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠤᠷᠰᠢᠯᠲᠠ ᠶᠢᠨ ᠲᠠᠰᠤᠭ ᠢ ᠪᠠᠶᠢᠭᠤᠯᠤᠨ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠲᠣᠭᠠᠴᠠᠭ᠎ᠠ ᠬᠢᠬᠦ᠂ ᠤᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠬᠡᠮᠵᠢᠶ᠎ᠡ ᠶᠢ ᠵᠠᠳᠠᠯᠬᠤ ᠵᠡᠷᠭᠡ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠳᠤ ᠲᠦᠰᠢᠭᠯᠡᠨ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶ ᠢ ᠪᠡᠯᠡᠳᠬᠡᠨ ᠪᠠᠶᠢᠭᠤᠯᠤᠭᠰᠠᠨ ᠨᠢ ᠮᠠᠨ ᠤ ᠣᠷᠣᠨ ᠤ ᠡᠬᠢ ᠪᠠᠶᠠᠯᠢᠭ᠂ ᠠᠮᠢ ᠠᠬᠤᠢ᠂ ᠣᠷᠣᠨ ᠪᠠᠶᠢᠷᠢ ᠵᠡᠷᠭᠡ ᠶᠢᠨ ᠳᠠᠪᠠᠭᠤᠯᠢᠭ ᠢ ᠪᠠᠳᠠᠷᠠᠭᠤᠯᠤᠨ᠂ ᠤᠯᠤᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢᠨ ᠱᠠᠭᠠᠷᠳᠠᠯᠭ᠎ᠠ ᠲᠠᠢ ᠨᠢᠭᠲᠠ ᠵᠣᠯᠭᠠᠭᠤᠯᠵᠤ᠂ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠠᠷᠭ᠎ᠠ ᠵᠠᠮ ᠪᠠ ᠵᠠᠭᠪᠤᠷ ᠢ ᠢᠳᠡᠪᠬᠢᠲᠡᠢ ᠰᠦᠪᠡᠭᠴᠢᠯᠡᠵᠦ ᠂ ᠪᠦᠬᠦ ᠤᠯᠤᠰ ᠤᠨ ᠡᠯ᠎ᠡ ᠭᠠᠵᠠᠷ ᠤᠨ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠨᠡᠩ ᠰᠠᠶᠢᠨ ᠦᠢᠯᠡᠴᠢᠯᠡᠭᠦᠯᠵᠦ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠪᠠ ᠳᠠᠭᠠᠭᠤᠯᠤᠨ ᠳᠠᠶᠢᠴᠢᠯᠠᠬᠤ ᠴᠢᠬᠤᠯᠠ ᠦᠢᠯᠡᠳᠦᠯ ᠲᠠᠢ ᠶᠤᠮ᠃      ᠲᠠᠨᠢᠯᠴᠠᠭᠤᠯᠤᠭᠰᠠᠨ ᠢᠶᠠᠷ᠂ ᠲᠤᠰ ᠲᠥᠪ ᠨᠢ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠴᠢᠬᠤᠯᠠ ᠶᠡᠭᠡ ᠠᠰᠠᠭᠤᠳᠠᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠᠷ ᠳᠡᠮᠵᠢᠨ᠂ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠮᠡᠷᠭᠡᠵᠢᠯ ᠤᠨ ᠰᠤᠳᠤᠯᠭᠠᠨ ᠪᠠ ᠲᠤᠯᠭᠠᠭᠤᠷᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠤᠭ᠎ᠠ ᠪᠠᠷᠢᠮᠲᠠ ᠴᠤᠭᠯᠠᠭᠤᠯᠬᠤ᠂ ᠵᠠᠳᠠᠯᠬᠤ᠂ ᠦᠨᠡᠯᠡᠬᠦ ᠪᠠ ᠬᠡᠷᠡᠭᠯᠡᠬᠦ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠵᠠᠰᠠᠭ ᠤᠨ ᠣᠷᠳᠣᠨ᠂ ᠠᠵᠢᠯ ᠲᠥᠷᠥᠯ᠂ ᠠᠵᠤ ᠠᠬᠤᠶᠢᠯᠠᠯ ᠳᠤ ᠵᠦᠷᠢᠶᠡᠴᠢᠯᠡᠭᠰᠡᠨ᠂ ᠣᠯᠠᠨ ᠶᠠᠩᠵᠤᠯᠠᠭᠰᠠᠨ᠂ ᠲᠤᠰᠬᠠᠶᠢᠵᠢᠭᠰᠠᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠡᠮᠵᠢᠯᠲᠡ ᠪᠠᠷ ᠲᠤᠯᠭᠠᠭᠤᠷᠢᠯᠠᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠠᠭᠤᠷᠢ ᠴᠢᠨᠠᠷᠲᠠᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠦᠢᠯᠡᠴᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号