ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/5/13
      5 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ᠂ ᠪᠠᠳᠠᠢ ᠶᠢᠨ ᠵᠢᠷᠠᠨ ᠤ ᠡᠯᠡᠰᠦ ᠶᠢᠨ ᠡᠯᠡᠰᠦ ᠮᠠᠩᠬ᠎ᠠ ᠨᠠᠭᠤᠷ ᠪᠦᠷᠢᠳᠦ ᠶᠢᠨ ᠰᠦᠷᠦᠭᠵᠢᠯ ᠢ ᠬᠠᠮᠠᠭᠠᠯᠠᠬᠤ ᠪᠠ ︽ᠨᠢᠭᠡᠳᠦᠯᠲᠡᠢ ᠵᠢᠭᠡᠯᠡᠵᠤ ᠰᠠᠯᠭᠠᠨ ᠪᠤᠴᠠᠭᠠᠬᠤ︾ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠨᠧᠷᠭᠢ ᠶᠢᠨ ᠬᠤᠷᠣᠭᠳᠠᠯ ᠤᠨ ᠭᠦᠢᠴᠡᠳᠭᠡᠯ ᠲᠤᠭ᠎ᠠ ᠶᠢ ᠬᠡᠷᠡᠭᠯᠡᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠪᠦᠬᠦ ᠬᠦᠴᠦᠨ ᠢᠶᠠᠷ ᠢᠶᠠᠨ ᠬᠡᠮᠵᠢᠶ᠎ᠡ ᠶᠢ ᠪᠠᠭᠠᠰᠬᠠᠵᠤ ᠣᠷᠣᠯᠠᠭᠤᠯᠬᠤ ᠲᠠᠯ᠎ᠠ ᠪᠠᠷ ᠬᠢ ᠣᠷᠣᠨ ᠵᠠᠢ ᠶᠢ ᠰᠦᠪᠡᠭᠴᠢᠯᠡᠵᠦ᠂ ᠬᠠᠳᠠᠭᠠᠯᠠᠬᠳᠠᠵᠤ ᠪᠠᠶᠢᠭ᠎ᠠ ᠲᠦᠷᠦᠯ ᠵᠦᠢᠯ ᠤᠨ ᠲᠠᠯ᠎ᠠ ᠪᠠᠷ ᠬᠢ ᠲᠠᠯᠳᠠ ᠬᠦᠴᠦᠨ ᠢ ᠠᠭᠤᠳᠠᠯᠵᠤ᠂ ᠲᠦᠷᠦ ᠶᠢᠨ ᠪᠤᠳᠤᠯᠭ᠎ᠠ ᠶᠢᠨ ᠲᠣᠭᠲᠠᠴᠠ ᠶᠢᠨ ᠲᠠᠯ᠎ᠠ ᠪᠠᠷ ᠠᠷᠭ᠎ᠠ ᠬᠡᠮᠵᠢᠶ᠎ᠡ ᠪᠤᠳᠤᠯᠬᠢᠯᠠᠵᠤ᠂ ᠬᠢᠵᠠᠭᠠᠷᠯᠠᠬᠤ ᠴᠢᠨᠠᠷᠲᠠᠢ ᠭᠦᠢᠴᠡᠳᠭᠡᠯ ᠲᠤᠭ᠎ᠠ ᠶᠢᠨ ᠤᠯᠠᠭᠠᠨ ᠱᠤᠭᠤᠮ ᠤᠨ ᠬᠡᠪᠴᠢᠶᠡᠨ ᠳᠤ ᠬᠥᠭᠵᠢᠭᠦᠯᠵᠦ᠂ ᠪᠦᠲᠦᠴᠡ ᠶᠢᠨ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠳᠤᠮᠳᠠ ᠬᠥᠭᠵᠢᠭᠦᠯᠬᠦ ᠶᠢ ᠡᠷᠡᠰ ᠪᠠᠲᠤ ᠪᠠᠷᠢᠮᠳᠠᠯᠠᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠲᠦᠰᠦᠪᠯᠡᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠭᠦᠢᠴᠡᠳᠭᠡᠯ ᠲᠤᠭ᠎ᠠ ᠶᠢᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠶᠡᠬᠡᠲᠡᠶ︾ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠤ ᠦᠢᠯᠡᠰ ᠤᠨ ᠬᠥᠭᠵᠢᠯᠲᠡ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠳᠡᠮᠵᠢᠬᠦ ᠬᠡᠷᠡᠭᠲᠡᠶ᠃ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠢᠨᠠᠨ ᠬᠡᠮᠵᠢᠵᠦ ᠰᠡᠷᠡᠮᠵᠢᠯᠡᠭᠦᠯᠬᠦ᠂ ᠦᠨᠡᠯᠡᠵᠦ ᠬᠢᠨᠠᠨ ᠰᠢᠯᠭᠠᠬᠤ ᠳᠦᠷᠢᠮ ᠢ ᠲᠡᠭᠦᠯᠳᠡᠷᠵᠢᠭᠦᠯᠦᠨ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠦᠨᠡᠨ ᠬᠦ ᠴᠢᠩᠭ᠎ᠠ ᠬᠠᠲᠠᠭᠤ ᠭᠦᠢᠴᠡᠳᠭᠡᠬᠦ ᠲᠤᠭ᠎ᠠ᠂ ᠬᠠᠲᠠᠭᠤ ᠬᠢᠵᠠᠭᠠᠷᠯᠠᠯ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠵᠠᠢ᠃      ᠬᠤᠷᠠᠯ ᠠᠴᠠ᠂ ᠡᠯᠡᠰᠦ ᠪᠣᠯ ᠠᠮᠢ ᠠᠬᠤᠢ ᠶᠢᠨ ᠰᠢᠰᠲ᠋ᠧᠮ ᠳᠠᠬᠢ ᠣᠮᠲᠣᠭᠠᠶᠢᠯᠠᠵᠤ ᠪᠣᠯᠤᠰᠢ ᠦᠭᠡᠢ ᠴᠢᠬᠤᠯᠠ ᠭᠤᠭᠴᠤᠭ᠎ᠠ ᠪᠣᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢ ᠬᠦᠨᠳᠦᠳᠭᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ      ᠬᠤᠷᠠᠯ ᠠᠴᠠ᠂ ︽ᠨᠢᠭᠡᠳᠦᠯᠲᠡᠢ ᠵᠢᠭᠡᠯᠡᠵᠤ ᠰᠠᠯᠭᠠᠨ ᠪᠤᠴᠠᠭᠠᠬᠤ︾ ᠥᠷᠢ ᠥᠭᠴᠡᠭᠡ ᠶᠢ ᠰᠢᠢᠳᠪᠦᠷᠢᠯᠡᠬᠦ ᠶᠢ ᠠᠬᠢᠭᠤᠯᠬᠤ ᠪᠣᠯ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠠᠷᠭ᠎ᠠ ᠬᠡᠮᠵᠢᠶ᠎ᠠ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ︽ᠲᠦᠷᠪᠡᠨ ᠨᠢᠭᠡ ᠪᠦᠯᠦᠭ︾ ᠥᠷᠢ ᠥᠭᠴᠡᠭᠡ ᠶᠢ ᠰᠢᠢᠳᠪᠦᠷᠢᠯᠡᠨ ᠠᠷᠢᠯᠭᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠃ ᠡᠨᠡ ᠨᠢ ᠦᠨᠳᠦᠰᠦᠨ ᠱᠠᠲᠤᠨ ᠤ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠬᠦ᠂ ᠦᠨᠳᠦᠰᠦᠨ ᠱᠠᠲᠤᠨ ᠤ ᠠᠵᠢᠯᠯᠠᠭ᠎ᠠ ᠶᠢ ᠪᠠᠲᠤᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠡᠷᠬᠡᠪᠰᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠤᠯᠪᠣᠭᠳᠠᠯ ᠪᠦᠬᠦᠢ ᠠᠵᠢᠯ ᠢ ᠯᠠᠪᠳᠠᠭᠤᠨ ᠡᠮᠬᠢ ᠵᠢᠷᠤᠮ ᠲᠠᠢ ᠪᠠᠷ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号