5 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠬᠢᠵᠢᠯᠳᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ | ᠬᠤᠪᠢᠶᠠᠷᠢ ᠪᠠᠩᠬᠢ ᠠᠴᠠ ᠬᠠᠮᠲᠤᠷᠠᠨ ᠡᠷᠬᠢᠯᠡᠭᠰᠡᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠮᠥᠩᠭᠦᠨ | ᠭᠦᠢᠯᠭᠡᠭᠡᠨ ᠢᠶᠠᠷ ᠦᠢᠯᠡᠳᠬᠦ ᠦᠢᠯᠡᠰ ᠤᠨ ᠳᠡᠭᠡᠳᠦ ᠲᠡᠰᠵᠢᠯᠳᠠ᠂ ᠤᠶᠤᠨᠴᠢᠯᠠᠯᠳᠠ᠂ ᠪᠣᠬᠢᠷᠲᠤᠯ ᠦᠭᠡᠢ | ᠬᠥᠭᠵᠢᠯᠲᠡ ᠶᠢ ᠳᠡᠮᠵᠢᠬᠦ ᠡᠬᠢᠯᠡᠯᠲᠡ ᠶᠢᠨ ᠶᠣᠰᠣᠯᠠᠯ ᠵᠢᠴᠢ 2022 ᠣᠨ ᠤ ᠠᠬᠢᠭᠤᠯᠬᠤ ᠬᠤᠷᠠᠯ ᠬᠥᠬᠡᠬᠤᠲᠠ ᠳᠤ | ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠣᠷᠣᠯᠴᠠᠭᠰᠠᠨ ᠪᠥᠭᠡᠳ | ᠡᠬᠢᠯᠡᠭᠰᠡᠨ ᠢ ᠵᠠᠷᠯᠠᠵᠠᠢ᠃ | ᠬᠤᠷᠠᠯ ᠳᠡᠭᠡᠷ᠎ᠡ᠂ ᠦᠶ᠋ᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ | ᠂ ᠥᠪᠥᠷ ᠮᠣᠩᠭᠤᠯ ᠪᠠᠩᠬᠢ᠂ ᠵᠡᠭᠦᠨ ᠬᠤᠶᠢᠲᠤ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠪᠠᠯᠠ ᠨᠡᠶᠢᠯᠡᠬᠦᠯᠬᠦ | ᠳᠠᠬᠢᠨ ᠪᠠᠳᠤᠯᠠᠬᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ᠂ ᠱᠠᠨᠳᠦ᠋ᠩ ᠤᠨ ᠯᠦᠩ | ᠮᠠ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠤᠯᠪᠤᠬᠳᠠᠯ ᠪᠥᠬᠦᠶ ᠬᠠᠷᠢᠭᠤᠴᠠᠯᠭᠠᠲᠠᠨ ︽ | ᠦᠢᠯᠡᠳᠬᠦ ᠦᠢᠯᠡᠰ ᠤᠨ ᠮᠥᠩᠭᠦᠨ ᠭᠦᠢᠯᠭᠡᠭᠡᠨ ᠤ ᠦᠢᠯᠡᠳᠭᠦᠨ ᠤ ᠰᠢᠨ᠎ᠡ ᠶᠢ ᠡᠭᠦᠳᠬᠦ ᠵᠢᠴᠢ ᠪᠥᠬᠦ ᠣᠷᠣᠨ ᠤ | ᠦᠢᠯᠡᠳᠬᠦ ᠦᠢᠯᠡᠰ ᠤᠨ ᠪᠠᠯᠠ ᠬᠤᠷᠠᠮᠳᠤᠭᠤᠯᠬᠤ ᠠᠵᠢᠯ ᠢ ᠠᠬᠢᠭᠤᠯᠬᠤ︾ ᠵᠡᠷᠭᠡ ᠭᠤᠤᠯ ᠰᠡᠳᠦᠪ ᠤᠨ | ᠲᠣᠭᠤᠷᠢᠨ ᠳᠤ ᠭᠤᠤᠯ ᠵᠤᠷᠢᠯᠳᠠᠳᠤ ᠶᠠᠷᠢᠶ᠎ᠠ ᠲᠠᠯᠪᠢᠪᠠ᠃ | ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠬᠢᠵᠢᠯᠳᠠ ᠶᠢᠨ ᠲᠢᠩᠬᠢᠮ ᠲᠣᠰ ᠲᠣᠰ 20 ᠪᠠᠩᠬᠢ᠂ 2 ᠪᠠᠳᠤᠯᠠᠬᠤ ᠺᠣᠮᠫᠠᠨᠢ ᠲᠠᠢ ︽︿ᠠᠷᠪᠠᠨ ᠳᠥᠷᠪᠡᠳᠦᠭᠡᠷ | ᠲᠠᠪᠤᠨ ᠵᠢᠯ﹀ ᠤᠨ ᠮᠥᠩᠭᠦᠨ ᠭᠦᠢᠯᠭᠡᠭᠡᠨ ᠢᠶᠠᠷ ᠦᠢᠯᠡᠳᠬᠦ ᠦᠢᠯᠡᠰ ᠤᠨ ᠳᠡᠭᠡᠳᠦ ᠲᠠᠰᠵᠢᠯᠳᠠ᠂ ᠤᠶᠤᠨᠴᠢᠯᠠᠯᠳᠠ᠂ | ᠪᠣᠬᠢᠷᠲᠤᠯ ᠥᠬᠡᠶ ᠬᠥᠭᠵᠢᠯᠲᠡ ᠶᠢ ᠲᠠᠮᠵᠢᠬᠦ ᠲᠤᠰᠬᠠᠶ ᠪᠠᠯᠠ ᠬᠤᠷᠠᠮᠳᠤᠭᠤᠯᠭ᠎ᠠ ᠶᠢᠨ ᠦᠢᠯᠡᠴᠢᠯᠡᠭᠡᠨ ᠤ ᠲᠥᠰᠦᠯ︾᠂ | ︽ᠲᠤᠰᠬᠠᠶ ᠪᠠᠯᠠ ᠬᠤᠷᠠᠮᠳᠤᠭᠤᠯᠭ᠎ᠠ ᠶᠢ ᠲᠠᠭᠠᠭᠠᠨ ᠪᠠᠳᠤᠯᠠᠬᠤ ᠦᠢᠯᠡᠴᠢᠯᠡᠭᠡᠨ ᠤ ᠲᠥᠰᠦᠯ︾ ᠲᠣᠭᠲᠠᠵᠤ᠂ | ᠵᠥᠪᠯᠡᠯᠴᠡᠭᠡᠷ ᠶᠣᠰᠣᠭᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ 20 ᠪᠠᠩᠬᠢ᠂ 2 | ᠪᠠᠳᠤᠯᠠᠬᠤ ᠺᠣᠮᠫᠠᠨᠢ ᠲᠣᠰ ᠲᠣᠰ ᠪᠥᠬᠦ ᠣᠷᠣᠨ ᠤ ᠦᠢᠯᠡᠳᠬᠦ ᠦᠢᠯᠡᠰ ᠤᠨ ᠬᠥᠭᠵᠢᠯᠲᠡ ᠳᠤ 2920 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠶᠢᠨ ᠬᠡᠪᠴᠢᠶ᠎ᠡ ᠪᠠ 60 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠪᠠᠯᠠ | ᠬᠤᠷᠠᠮᠳᠤᠭᠤᠯᠭ᠎ᠠ ᠶᠢ ᠲᠠᠭᠠᠭᠠᠨ ᠪᠠᠳᠤᠯᠠᠬᠤ ᠬᠡᠪᠴᠢᠶ᠎ᠡ ᠶᠢ ᠰᠢᠨ᠎ᠡ ᠪᠠᠷ ᠨᠡᠮᠡᠭᠳᠡᠭᠦᠯᠦᠨ᠎ᠡ᠃ ᠭᠡᠷ᠎ᠡ ᠲᠣᠭᠲᠠᠭᠰᠠᠨ | ᠲᠤᠬᠠᠶ ᠶᠢᠨ ᠲᠠᠯᠠᠪᠠᠶ ᠳᠤ᠂ 18 ᠪᠠᠩᠬᠢ᠂ 1 ᠪᠠᠳᠤᠯᠠᠬᠤ ᠺᠣᠮᠫᠠᠨᠢ 36 ᠠᠵᠤ ᠠᠬᠤᠶᠢᠯᠠᠯ ᠳᠤ 173.55 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠢᠲᠡᠭᠡᠮᠵᠢ ᠪᠠ 1 ᠳ᠋ᠦᠩᠰᠢᠭᠤᠷ ᠲᠥᠭᠦᠷᠢᠭ ᠤᠨ ᠪᠠᠯᠠ | ᠬᠤᠷᠠᠮᠳᠤᠭᠤᠯᠬᠤ ᠪᠠᠳᠤᠯᠠᠯᠳᠠ ᠶᠢᠨ ᠢᠲᠡᠭᠡᠮᠵᠢ ᠣᠯᠭᠤᠪᠠ᠃ | ᠲᠤᠰ ᠤᠳᠠᠭ᠎ᠠ ᠶᠢᠨ ᠬᠤᠷᠠᠯ ᠪᠣᠯ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠭᠡᠨ ᠠᠬᠢᠭᠤᠯᠵᠤ᠂ ᠦᠢᠯᠡᠳᠬᠦ ᠦᠢᠯᠡᠰ ᠤᠨ ᠳᠡᠭᠡᠳᠦ ᠲᠡᠰᠵᠢᠯᠳᠠ | ᠤᠶᠤᠨᠴᠢᠯᠠᠯᠳᠠ ᠪᠣᠬᠢᠷᠲᠤᠯ ᠦᠭᠡᠢ ᠬᠥᠭᠵᠢᠯᠲᠡ ᠶᠢ ᠶᠡᠭᠡ ᠪᠠᠷ ᠳᠡᠮᠵᠢᠭᠰᠡᠨ ᠠᠬᠤᠢ ᠪᠠᠶᠢᠳᠠᠯ ᠳᠣᠣᠷ᠎ᠠ | ᠬᠤᠷᠠᠯᠳᠤᠭᠰᠠᠨ ᠶᠤᠮ᠂ ᠵᠣᠷᠢᠯᠭ᠎ᠠ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠢᠶᠠᠷ | ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠦᠢᠯᠡᠳᠬᠦ ᠦᠢᠯᠡᠰ ᠤᠨ ᠠᠵᠤ | ᠠᠬᠤᠶᠢᠯᠠᠯ ᠤᠨ ᠬᠤᠭᠤᠷᠣᠨᠳᠣ ᠬᠥᠭᠦᠷᠭᠡ ᠬᠤᠯᠪᠣᠭᠠᠰᠤ ᠪᠤᠯᠵᠤ᠂ ᠪᠦᠬᠦ ᠣᠷᠣᠨ ᠤ ᠦᠢᠯᠡᠳᠬᠦ ᠦᠢᠯᠡᠰ ᠤᠨ ᠨᠡᠩ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ |