ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ ᠰᠦᠨ ᠱᠤᠤ ᠴᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/5/16
      5 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠪᠣᠯᠤᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ ᠬᠤᠷᠠᠯ ᠠᠴᠠ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠥᠪ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠠᠯᠤᠰ ᠬᠡᠲᠦ ᠳᠤ ᠰᠠᠭᠤᠷᠢᠯᠠᠬᠤ᠂ ᠵᠣᠬᠢᠰᠲᠠᠶ ᠤᠷᠢᠳᠴᠢᠯᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠣᠯᠠᠨ ᠬᠦᠷᠳᠦ ᠪᠠᠷ ᠬᠥᠳᠡᠯᠭᠡᠭᠦᠷ ᠪᠣᠯᠭᠠᠵᠤ᠂ ᠦᠷ᠎ᠡ ᠠᠰᠢᠭ ᠢ ᠴᠢᠬᠤᠯᠠᠴᠢᠯᠠᠬᠤ ᠴᠢᠬᠤᠯᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ ᠰᠠᠶᠢᠲᠤᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠶᠢ ᠨᠢᠬᠳᠠ ᠠᠩᠬᠠᠷᠤᠨ ᠳᠤᠲᠠᠭᠤᠳᠠᠯ ᠢᠶᠠᠨ ᠤᠨᠤᠴᠠᠳᠠᠢ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ᠂ ᠪᠦᠲᠦᠴᠡ᠂ ᠴᠢᠳᠠᠮᠵᠢ ᠪᠠ ᠬᠥᠭᠵᠢᠯᠲᠡ ᠶᠢᠨ ᠵᠠᠭᠪᠤᠷ ᠢ ᠰᠢᠯᠢᠳᠡᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠶ᠃ ᠡᠷᠴᠢᠮ ᠢᠶᠠᠨ ᠴᠢᠩᠭᠠᠷᠠᠭᠤᠯᠤᠨ ᠠᠬᠢᠭᠤᠯᠬᠤ ᠪᠠ ᠨᠠᠶᠢᠳᠠᠪᠤᠷᠢᠵᠢᠭᠤᠯᠬᠤ ᠶᠢ ᠠᠳᠬᠤᠵᠥ᠂ ᠨᠢᠭᠡᠨᠲᠡ ᠬᠥᠮᠥᠷᠭᠡ ᠳᠤ ᠣᠷᠣᠭᠤᠯᠤᠭᠰᠠᠨ ᠭᠤᠣᠯᠳᠠᠯᠭ᠎ᠠ ᠲᠠᠢ ᠲᠦᠷᠦᠯ ᠵᠦᠢᠯ ᠢ ᠤᠷᠢᠳ ᠢᠶᠠᠷ ᠵᠢᠭᠰᠠᠭᠠᠨ ᠭᠠᠷᠭᠠᠵᠤ᠂ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠳᠠᠷᠤᠢ ᠲᠦᠷᠭᠡᠨ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ᠨᠢᠭᠡᠨᠲᠡ ᠪᠠᠷᠢᠯᠭ᠎ᠠ ᠡᠬᠢᠯᠡᠭᠦᠯᠦᠭᠰᠡᠨ ᠲᠥᠷᠥᠯ ᠵᠦᠶ᠋ᠯ ᠳᠤ ᠮᠥᠷᠳᠡᠨ ᠦᠶ᠋ᠯᠡᠴᠢᠯᠡᠬᠦ ᠪᠠ ᠬᠦᠴᠦᠨ ᠵᠦᠶ᠋ᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠱᠠᠭᠠᠷᠳᠠᠯᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠡᠷᠡ ᠶᠣᠰᠣᠭᠠᠷ  ᠨᠢ ᠰᠠᠶᠢᠲᠤᠷ ᠠᠳᠬᠤᠬᠤ ᠬᠡᠷᠡᠭᠲᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠵᠠᠯᠠᠭᠤᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠢᠮᠠᠭᠲᠠ ᠡᠷᠡᠰ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠭᠠᠯ ᠬᠠᠯᠠᠭᠤᠨ ᠦᠶ᠋ᠯᠡᠳᠦᠯᠭᠡ ᠳᠤᠮᠳᠠ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠠᠯᠠᠭᠤᠴᠤᠳ ᠤᠨ ᠠᠵᠢᠯ ᠢ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ᠂ ᠡᠩᠨᠡᠭᠡ ᠶᠢᠨ ᠪᠠᠶᠢᠭᠤᠯᠤᠯᠲᠠ ᠶᠢ ᠳᠠᠶᠢᠴᠢᠯᠠᠬᠤ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ᠃ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠤᠳᠤ ᠦᠶ᠎ᠡ ᠶᠢᠨ ᠵᠠᠯᠠᠭᠤᠴᠤᠳ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠭᠠᠷᠳᠠᠴᠠ ᠪᠠᠨ ᠣᠨᠣᠪᠴᠢᠲᠠᠢ ᠪᠤᠯᠭᠠᠵᠥ᠂ ᠠᠵᠢᠯ ᠢᠶᠠᠨ ᠪᠣᠳᠠᠲᠠᠢ ᠬᠢᠵᠦ᠂ ᠬᠥᠳᠤᠯᠤᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢᠶᠠᠨ ᠴᠢᠩᠭᠠᠳᠬᠠᠵᠤ᠂ ᠡᠪᠯᠡᠯ ᠤᠨ ᠠᠵᠢᠯᠯᠠᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠤᠮᠵᠢᠳᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢ ᠥᠷᠭᠡᠳᠭᠡᠵᠦ᠂ ᠵᠠᠯᠠᠭᠤᠴᠤᠳ ᠲᠤ ᠦᠢᠯᠡᠴᠢᠯᠡᠬᠦ ︽ᠡᠴᠦᠰ ᠤᠨ ᠨᠢᠭᠡ  ᠺᠢᠯᠦᠮᠧᠲᠷ︾ ᠢ ᠨᠡᠪᠲᠡᠷᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠪᠠᠨ ᠬᠦᠴᠦᠲᠡᠢ ᠡᠭᠦᠷᠭᠡᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠵᠦ ᠠᠮᠤᠷ ᠲᠦᠪᠰᠢᠨ ᠢ ᠬᠠᠮᠠᠭᠠᠯᠠᠵᠤ ᠲᠣᠭᠲᠠᠭᠤᠨ ᠢ ᠪᠠᠳᠤᠯᠠᠬᠤ ᠡᠯ᠎ᠡ ᠵᠦᠢᠯ ᠤᠨ ᠠᠵᠢᠯ ᠢ ᠨᠢᠬᠳᠠ ᠠᠴᠠ ᠨᠢᠬᠳᠠ᠂ ᠴᠢᠩᠭ᠎ᠠ ᠠᠴᠠ ᠴᠢᠩᠭ᠎ᠠ ᠠᠳᠬᠤᠵᠤ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠪᠦᠬᠦ ᠬᠦᠴᠦᠨ ᠢᠶᠠᠷ ᠢᠶᠠᠨ ᠪᠠᠳᠤᠯᠠᠨ ᠬᠠᠮᠠᠭᠠᠯᠠᠬᠤ ᠬᠡᠷᠡᠭᠲᠡᠢ ᠬᠡᠵᠥ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号