ᠯᠢᠨᠰᠢ ᠶᠢᠨ ᠲᠥᠪᠡᠳ ᠬᠠᠰᠢ ᠪᠣᠯᠣᠨ ᠨᠠᠩᠭᠢ ᠪᠤᠷᠴᠠᠭ ᠤᠨ ᠪᠤᠤᠰᠠ ᠨᠢ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠴᠠᠭ ᠲᠤ ᠰᠣᠩᠭᠤᠭᠳᠠᠵᠠᠢ
ᠨᠡᠶᠢᠲᠡᠯᠡᠭᠰᠡᠨ ᠴᠠᠭ᠄
2022/5/16
      ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠮᠡᠷᠭᠡᠵᠢᠯ ᠤᠨ ᠬᠢᠨᠠᠨ ᠲᠣᠭᠲᠠᠭᠠᠯᠲᠠ ᠬᠢᠵᠦ᠂ ᠯᠢᠨᠰᠢ ᠶᠢᠨ ᠲᠥᠪᠡᠳ ᠬᠠᠰᠢ᠂ ᠨᠠᠩᠭᠢ ᠪᠤᠷᠴᠠᠭ ᠤᠨ ᠪᠤᠤᠰᠠ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠭᠤᠷᠪᠠᠳᠤᠭᠠᠷ ᠪᠦᠯᠦᠭ ᠤᠨ ᠭᠠᠷᠴᠠᠭ ᠲᠤ ᠠᠮᠵᠢᠯᠲᠠ ᠲᠠᠢ ᠪᠠᠷ ᠰᠣᠩᠭᠤᠭᠳᠠᠭᠰᠠᠨ ᠢ ᠨᠤᠲᠠᠯᠠᠪᠠ᠃ ᠯᠢᠨᠰᠢ ᠶᠢᠨ ᠲᠥᠪᠡᠳ ᠬᠠᠰᠢ ᠶᠢᠨ ᠳᠠᠷᠢᠬᠤ ᠲᠠᠯᠠᠪᠠᠶ ᠨᠢ 500 ᠾᠧᠺᠲ᠋ᠠᠷ᠂ ᠭᠠᠷᠤᠯᠲᠠ ᠨᠢ 11 ᠲᠦᠮᠡᠨ ᠲᠣᠨ ᠠᠴᠠ ᠳᠡᠭᠡᠭᠰᠢ ᠪᠠᠶᠢᠵᠤ᠂ ᠪᠡᠭᠡᠵᠢᠩ ᠤᠨ ᠰᠢᠨ ᠹᠠ ᠳ᠋ᠢ ᠶᠢᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢᠨ ᠬᠠᠭᠤᠳᠠᠰᠤ ᠪᠣᠯᠣᠨ ᠬᠤᠳᠠᠯᠳᠤᠭᠠᠴᠢᠨ ᠤᠷᠢᠬᠤ ᠨᠢᠭᠡᠴᠡ ᠲᠠᠢ ᠪᠥᠭᠡᠮ ᠢᠶᠠᠷ ᠬᠤᠳᠠᠯᠳᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠲᠦᠭᠡᠭᠳᠡᠬᠦᠨ ᠤ ᠬᠤᠳᠠᠯᠳᠤᠨ  ᠪᠣᠷᠣᠯᠠᠭᠤᠯᠬᠤ ᠵᠠᠮ ᠪᠠᠨ ᠪᠠᠲᠤᠯᠠᠪᠠ᠃ ᠯᠢᠨᠰᠢ ᠰᠢᠶᠠᠨ ᠤ ᠨᠠᠩᠭᠢ ᠪᠤᠷᠴᠠᠭ ᠤᠨ ᠪᠣᠣᠰᠠ ᠶᠢᠨ ᠠᠵᠤ ᠦᠢᠯᠡᠰ ᠤᠨ ᠬᠥᠭᠵᠢᠯᠲᠡ ᠨᠢ ︽ ᠬᠤᠷᠰᠢᠶᠠᠵᠢᠯ + ᠲᠣᠰᠬᠤᠨ ᠤ ᠬᠠᠮᠲᠤ ᠨᠡᠶᠢᠲᠡ + ᠲᠠᠷᠢᠶᠠᠴᠢᠨ ᠡᠷᠦᠬᠡ︾ ᠶᠢᠨ ᠨᠠᠶᠢᠳᠠᠨ ᠬᠠᠮᠢᠶᠠᠷᠤᠭᠤᠯᠬᠤ ᠵᠠᠭᠪᠤᠷ ᠢᠶᠠᠷ᠂ ︽ᠲᠠᠷᠢᠶᠠᠯᠠᠬᠤ᠂ ᠳᠠᠷᠢᠬᠤ᠂ ᠰᠡᠷᠭᠡᠶᠢᠯᠡᠬᠦ᠂ ᠬᠤᠷᠢᠶᠠᠬᠤ᠂ ᠪᠣᠷᠣᠯᠠᠭᠤᠯᠬᠤ︾ ᠪᠥᠬᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠦᠢᠯᠡᠳᠬᠦᠨ ᠤ ᠪᠣᠷᠤᠯᠠᠭᠤᠯᠭ᠎ᠠ ᠨᠢ ᠨᠢᠭᠡᠨᠲᠡ 832 ᠲᠠᠪᠴᠠᠩ᠂ ᠠ ᠯᠢ ᠪᠠ ᠪᠠ᠂ ᠵᠢᠩ ᠳ᠋ᠦᠩ᠂ ᠾᠧᠩ ᠹᠧᠩ ᠠᠮᠤ ᠲᠣᠰᠣ ᠵᠡᠷᠭᠡ ᠪᠣᠷᠤᠯᠠᠭᠤᠯᠭ᠎ᠠ ᠶᠢᠨ ᠠᠷᠭ᠎ᠠ ᠵᠠᠮ ᠯᠤᠭ᠎ᠠ ᠬᠠᠮᠲᠤᠷᠠᠯᠴᠠᠬᠤ ᠬᠠᠮᠲᠤ ᠶᠢᠨ ᠲᠠᠨᠢᠯᠲᠠ ᠲᠠᠢ ᠪᠣᠯᠵᠤ᠂ ᠨᠡᠯᠢᠶᠡᠳ ᠰᠠᠶᠢᠨ ᠠᠵᠤ ᠠᠬᠤᠢ᠂ ᠨᠡᠶᠢᠭᠡᠮ ᠪᠠ ᠠᠮᠢ ᠠᠬᠤᠢ ᠶᠢᠨ ᠦᠷ᠎ᠡ ᠠᠰᠢᠭ ᠣᠯᠵᠤ᠂ ᠰᠢᠶᠠᠨ ᠤ ᠲᠠᠷᠢᠶᠠᠯᠠᠩ ᠤᠨ ᠦᠷ᠎ᠡ ᠠᠰᠢᠭ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠬᠥᠳᠡᠭᠡ ᠲᠣᠰᠬᠤᠨ ᠤ ᠬᠥᠭᠵᠢᠯᠲᠡ ᠶᠢ ᠬᠦᠴᠦᠲᠡᠢ ᠠᠬᠢᠭᠤᠯᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号