5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦᠳᠡ ︵ | ᠥᠷᠭᠡᠳᠭᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ | ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭ᠎ᠠ ᠶᠢᠨ ᠴᠢᠬᠡᠴᠢ ᠵᠠᠰᠠᠭ ᠤᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠶᠢᠮᠠᠭ ᠬᠤᠲᠠ ᠪᠣᠯᠤᠨ ᠰᠠᠯᠠᠭ᠎ᠠ | ᠮᠥᠴᠢᠷ ᠤᠨ ᠬᠢᠨ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠯᠢᠦ ᠱᠤᠸᠠᠩ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃ | ᠸᠠᠩ ᠯᠢ ᠰᠢᠶᠠ᠂ ᠨᠢᠳᠤᠨᠤᠨ ᠠᠴᠠ ᠨᠠᠭᠠᠰᠢ᠂ ᠪᠦᠬᠦ ᠣᠷᠣᠨ ᠤ ᠵᠠᠰᠠᠭ ᠤᠨ ᠣᠷᠳᠣᠨ ᠤ | ᠰᠢᠰᠲ᠋ᠧᠮ ᠤᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ | ᠲᠤᠭᠤᠰᠢᠯᠠᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠬᠢ ᠶᠢ ᠲᠦᠷᠭᠡᠳᠭᠡᠨ ᠬᠤᠪᠢᠷᠠᠭᠤᠯᠵᠤ᠂ ᠲᠤᠰᠬᠠᠢ ᠴᠡᠭᠴᠡᠯᠡᠨ ᠵᠠᠰᠠᠯᠲᠠ ᠶᠢ ᠬᠦᠴᠦᠲᠡᠢ | ᠠᠬᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠵᠤ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠡᠯ ᠢ ᠡᠰᠡᠷᠭᠦᠴᠡᠬᠦ ᠠᠵᠢᠯ ᠰᠢᠨ᠎ᠡ ᠦᠷ᠎ᠡ ᠪᠦᠲᠦᠮᠵᠢ ᠤᠯᠪᠠ ᠬᠡᠵᠥ | ᠵᠢᠭᠠᠵᠥ ᠭᠠᠷᠭᠠᠪᠠ᠃ | ᠸᠠᠩ ᠯᠢ ᠰᠢᠶᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ | ᠲᠡᠮᠡᠴᠡᠯ ᠶᠠᠪᠤᠭᠳᠠᠬᠤ ᠴᠠᠭ ᠪᠠᠶᠢᠬᠤ ᠠᠴᠠ ᠪᠢᠰᠢ ᠳᠠᠭᠤᠰᠬᠤ ᠴᠠᠭ ᠦᠭᠡᠢ ᠶᠤᠮ᠂ ᠪᠦᠬᠦ ᠣᠷᠣᠨ ᠤ ᠵᠠᠰᠠᠭ ᠤᠨ | ᠣᠷᠳᠣᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ | ᠣᠶᠢᠯᠠᠭᠠᠵᠤ ᠪᠠᠲᠤᠲᠠᠢ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠴᠢᠨᠠᠭᠰᠢᠳᠠ | ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠡᠭᠦᠷᠭᠡ ᠶᠢ ᠨᠠᠶᠢᠳᠠᠪᠤᠷᠢᠵᠢᠭᠤᠯᠬᠤ ᠶᠢ | ᠴᠢᠩᠭ᠎ᠠ ᠠᠳᠬᠤᠵᠤ᠂ ᠴᠢᠩᠭ᠎ᠠ ᠭᠤᠣᠯ ᠬᠦᠭ ᠠᠶᠠᠰ ᠢ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠳᠤ | ᠤᠷᠳᠤ ᠬᠤᠭᠤᠴᠠᠭ᠎ᠠ ᠪᠠᠷ ᠪᠠᠷᠢᠮᠲᠠᠯᠠᠬᠤ᠂ ᠡᠴᠤᠰ ᠲᠤᠨᠢ ᠲᠤᠯᠳᠠᠯ᠎ᠠ ᠲᠤᠭᠤᠰᠢᠯᠠᠭᠤᠯᠬᠤ ᠶᠢ ᠠᠬᠢᠭᠤᠯᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠭᠢᠯᠭᠡ ᠪᠣᠯᠤᠨ ᠲᠤᠯᠭᠠᠮ ᠪᠤᠳᠤᠯ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠠᠵᠢᠯ ᠢ ᠠᠬᠢᠭᠤᠯᠬᠤ ᠬᠡᠷᠡᠭᠲᠡᠢ᠃ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠭᠡᠬᠦ ᠡᠨᠡ ᠬᠦ ᠰᠠᠭᠤᠷᠢ ᠴᠢᠨᠠᠷᠲᠠᠢ ᠠᠵᠢᠯ ᠢ ᠡᠷᠡᠰ ᠰᠠᠶᠢᠲᠤᠷ ᠠᠳᠬᠤᠵᠤ᠂ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ | ᠂ ᠵᠠᠷᠴᠢᠮᠲᠤ ᠴᠢᠨᠠᠷ᠂ ᠲᠡᠮᠡᠴᠡᠬᠦ ᠴᠢᠨᠠᠷ ᠢ ᠴᠢᠩᠭᠠᠳᠬᠠᠬᠤ ᠲᠠᠯ᠎ᠠ ᠪᠠᠷ ᠥᠴᠦᠬᠡᠨ ᠴᠦ ᠳᠤᠲᠠᠭᠤ ᠳᠤᠷᠭᠤᠨ ᠪᠠᠶᠢᠵᠤ | ᠪᠤᠯᠬᠤ ᠦᠬᠡᠢ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠶᠡᠷᠦᠮᠳᠡᠭ ᠪᠣᠯᠭᠠᠬᠤ᠂ ᠰᠠᠨᠠᠭᠠᠨ | ᠲᠠᠪᠠ ᠪᠠᠷ ᠨᠢ ᠪᠣᠯᠭᠠᠬᠤ᠂ ᠪᠣᠯᠬᠢᠴᠢᠯᠠᠬᠤ᠂ ᠠᠷᠠᠯᠵᠢᠶᠠᠯᠠᠬᠤ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠢᠶᠠᠨ | ᠴᠡᠭᠴᠡᠯᠡᠨ ᠵᠠᠰᠠᠵᠤ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢᠳᠤᠷᠠᠯ ᠢ ᠡᠷᠡᠭᠦᠯ ᠪᠥᠭᠡᠳ ᠵᠢᠷᠤᠮᠵᠢᠭᠰᠠᠨ ᠵᠠᠮ ᠳᠤ ᠣᠷᠣᠭᠤᠯᠬᠤ ᠶᠢ ᠲᠦᠷᠭᠡᠳᠭᠡᠨ ᠠᠬᠢᠭᠤᠯᠬᠤ | ᠬᠡᠷᠡᠭᠲᠡᠢ᠃ ᠡᠭᠦᠷᠢᠳᠡ ᠲᠠᠭᠤᠰᠤᠰᠢ ᠦᠭᠡᠢ ᠪᠠᠶᠢᠬᠤ ᠬᠤᠷᠴᠠ ᠰᠡᠷᠭᠡᠭ ᠪᠠ ᠡᠷᠡᠰ ᠪᠠᠲᠤ ᠶᠢ ᠢᠮᠠᠭᠲᠠ ᠪᠠᠲᠤᠯᠠᠵᠤ᠂ | ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠷᠢᠭᠤᠨ | ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠪᠠᠲᠤᠯᠠᠵᠤ᠂ ᠲᠥᠪ ᠪᠤᠰᠤ ᠰᠤᠷᠲᠠᠯ ᠢ ᠴᠥᠬᠦᠷᠡᠰᠢ ᠦᠭᠡᠢ | ᠵᠠᠯᠠᠷᠠᠭᠤᠯᠤᠨ ᠵᠠᠰᠠᠵᠤ᠂ ᠢᠯᠵᠠᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠬᠠᠰᠢᠯᠭ᠎ᠠ ᠶᠢ ᠪᠠᠲᠤ ᠴᠣᠭᠴᠠᠯᠠᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠢᠯᠡ ᠲᠣᠳᠣ ᠤᠳᠤᠷᠢᠳᠤᠮᠵᠢ ᠶᠢ ᠴᠢᠩᠭᠠᠳᠬᠠᠵᠤ᠂ ᠪᠦᠬᠦ | ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ | ᠢᠯᠵᠠᠷᠡᠯ ᠢ ᠡᠰᠡᠷᠭᠦᠴᠡᠬᠦ ᠠᠵᠢᠯ ᠢ ᠴᠥᠬᠦᠷᠡᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃ | ᠸᠠᠩ ᠯᠢ ᠰᠢᠶᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠦᠳᠦᠯᠦᠨ ᠳᠠᠭᠠᠭᠤᠯᠵᠤ ᠪᠠᠲᠤᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠵᠤ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠣᠷᠴᠢᠨ ᠠᠬᠤᠢ ᠶᠢᠨ ᠬᠠᠮᠠᠭᠠᠯᠠᠯᠲᠠ ᠶᠢᠨ | ᠬᠤᠷᠢᠭ᠎ᠠ ᠱᠤᠭᠤᠮ ᠢ ᠪᠠᠲᠤ ᠰᠠᠬᠢᠵᠤ᠂ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠮᠤᠷ | ᠲᠦᠪᠰᠢᠨ ᠲᠣᠭᠲᠠᠭᠤᠨ ᠢ ᠪᠠᠲᠤᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠠᠶ ᠯᠢ ᠬᠤᠸᠠ᠂ ᠯᠢ ᠪᠢᠩ | ᠷᠦᠩ᠂ ᠾᠧᠩ ᠰᠢᠶᠤᠤ ᠹᠠᠨ᠂ ᠴᠢ᠊ ᠪᠠᠲᠤ᠂ ᠪᠣᠣ ᠰᠢᠶᠠᠨ ᠬᠤᠸᠠ ᠬᠤᠷᠠᠯ ᠳᠤ ᠣᠷᠣᠯᠴᠠᠪᠠ᠃ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠡᠯ᠎ᠡ ᠠᠶᠢᠮᠠᠭ ᠬᠤᠲᠠ ᠶᠢᠨ ᠬᠠᠷᠢᠭᠤᠴᠠᠯᠭᠠᠲᠠᠨ | ᠨᠥᠬᠦᠳ ᠬᠤᠷᠠᠯ ᠳᠤ ᠣᠷᠣᠯᠴᠠᠵᠠᠶ᠃ |