ᠮᠠᠨ ᠤ ᠣᠷᠣᠨ ᠵᠡᠭᠦᠨ ᠳᠤᠮᠳᠠ ᠪᠠᠷᠠᠭᠤᠨ ᠬᠡᠰᠡᠭ ᠤᠨ ᠲᠦᠷᠭᠡᠨ ᠤ ᠵᠠᠰᠠᠮᠠᠯ ᠵᠠᠮ ᠢ ᠬᠤᠯᠪᠣᠨ ᠨᠡᠪᠲᠡᠷᠡᠭᠦᠯᠬᠦ ᠪᠠᠷ ᠪᠣᠢ
ᠨᠡᠶᠢᠲᠡᠯᠡᠭᠰᠡᠨ ᠴᠠᠭ᠄
2022/5/17
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠮᠤᠵᠢ ᠶᠢᠨ ᠬᠤᠭᠤᠷᠣᠨᠳᠤᠬᠢ ᠲᠣᠮᠣ ᠨᠡᠪᠲᠡᠷᠡᠯ ᠵᠠᠮ ᠤᠨ ᠬᠠᠮᠤᠭ ᠰᠡᠭᠦᠯᠴᠢ ᠶᠢᠨ ᠨᠢᠭᠡ ᠬᠡᠰᠡᠭ — — ᠡᠷᠢᠶᠡᠨ ᠬᠤᠲᠠ ᠠᠴᠠ ᠭᠤᠸᠠᠩᠵᠸᠤ ᠬᠦᠷᠬᠦ ᠤᠯᠤᠰ ᠤᠨ ᠲᠦᠷᠭᠡᠨ ᠤ ᠵᠠᠰᠠᠮᠠᠯ ᠵᠠᠮ ᠤᠨ ᠵᠢᠨᠢᠩ ᠠᠴᠠ ᠠᠷᠣᠨ ᠬᠤᠰᠢᠭᠤ ᠬᠦᠷᠬᠦ ᠬᠤᠯᠪᠣᠭᠳᠠᠬᠤ ᠱᠤᠭᠤᠮ ᠪᠣᠯᠬᠤ ᠴᠠᠪ ᠤᠨ ᠲᠠᠯ᠎ᠠ ᠠᠴᠠ ᠰᠣᠭᠤᠲᠤ ᠬᠦᠷᠬᠦ ᠢᠨᠵᠧᠨᠧᠷᠢᠩ ᠤᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠶᠢ ᠴᠣᠬᠤᠯᠠᠪᠤᠷᠢᠯᠠᠪᠠ᠃      ᠲᠥᠷᠥᠯ ᠵᠦᠢᠯ ᠨᠢ ᠲᠦᠩᠯᠢᠶᠣᠣ ᠬᠤᠲᠠ ᠶᠢᠨ ᠬᠠᠷᠢᠶᠠᠨ ᠳᠤ ᠪᠠᠶᠢᠷᠢᠯᠠᠵᠤ᠂ ᠵᠠᠮ ᠱᠤᠭᠤᠮ ᠨᠢ ᠶᠡᠷᠦᠩᠬᠡᠢ ᠳᠡᠭᠡᠨ ᠵᠡᠭᠦᠨᠰᠢ ᠪᠠᠷᠠᠭᠤᠨᠰᠢ ᠴᠢᠭᠯᠡᠯ ᠲᠠᠢ ᠪᠠᠶᠢᠵᠤ᠂ ᠡᠬᠢᠯᠡᠯᠲᠡ ᠶᠢᠨ ᠴᠡᠭ ᠨᠢ ᠤᠯᠠᠭᠠᠨᠬᠠᠳᠠ ᠬᠤᠲᠠ ᠪᠣᠯᠣᠨ ᠲᠦᠩᠯᠢᠶᠣᠣ ᠬᠤᠲᠠ ᠶᠢᠨ ᠠᠭᠤᠯᠵᠠᠷ ᠭᠠᠵᠠᠷ ᠤᠨ ᠴᠠᠪ ᠤᠨ ᠲᠠᠯ᠎ᠠ ︵ᠤᠯᠠᠭᠠᠨᠬᠠᠳᠠ ᠲᠦᠩᠯᠢᠶᠣᠣ ᠶᠢᠨ ᠵᠠᠭᠠᠭ︶᠂ ᠪᠠᠶᠢᠭᠤᠯᠵᠤ ᠪᠠᠶᠢᠭ᠎ᠠ ᠵᠢᠨᠢᠩ ᠠᠴᠠ ᠠᠷᠣᠨ ᠬᠤᠰᠢᠭᠤ ᠬᠦᠷᠬᠦ ᠬᠤᠯᠪᠣᠭᠳᠠᠬᠤ ᠱᠤᠭᠤᠮ ᠤᠨ ᠳ᠋ᠠᠪᠠᠨ ᠠᠴᠠ ᠴᠠᠪ ᠤᠨ ᠲᠠᠯ᠎ᠠ ᠬᠦᠷᠬᠦ ᠬᠡᠰᠡᠭ ᠲᠤ ᠪᠣᠢ᠃ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠪᠠᠷᠤᠭ 44.31 ᠳ᠋ᠦᠩᠰᠢᠭᠤᠷ ᠲᠥᠭᠦᠷᠢᠭ᠂ ᠭᠤᠣᠯ ᠱᠤᠭᠤᠮ ᠤᠨ ᠪᠥᠬᠦ ᠤᠷᠲᠤ ᠨᠢ ᠪᠠᠷᠤᠭ 107.2  ᠺᠢᠯᠤᠮᠧᠲᠷ ᠪᠠᠶᠢᠵᠤ᠂ ᠬᠤᠣᠰ ᠴᠢᠭᠯᠡᠯᠲᠦ ᠳᠥᠷᠪᠡᠨ ᠲᠡᠷᠭᠡᠨ ᠵᠠᠮ ᠤᠨ ᠲᠦᠷᠭᠡᠨ ᠤ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠪᠣᠯᠣᠨ᠎ᠠ᠃ ᠲᠣᠰ ᠲᠥᠷᠥᠯ ᠵᠦᠢᠯ ᠢ ᠬᠢᠨᠠᠨ ᠵᠥᠪᠰᠢᠶᠡᠷᠡᠵᠦ ᠬᠡᠷᠡᠭᠵᠢᠭᠦᠯᠬᠦ ᠪᠣᠯ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠤᠷᠢᠳᠴᠢᠯᠠᠨ ᠠᠬᠢᠭᠤᠯᠬᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠨᠠᠮᠳᠠᠭᠤᠯᠬᠤ᠂ ᠪᠦᠲᠦᠮᠵᠢᠲᠡᠢ ᠪᠡᠯᠡ ᠣᠷᠤᠭᠤᠯᠤᠯᠲᠠ ᠶᠢ ᠥᠷᠭᠡᠳᠬᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃      ᠡᠷᠢᠶᠡᠨ ᠬᠤᠲᠠ ᠠᠴᠠ ᠭᠤᠸᠠᠩᠵᠸᠤ ᠬᠦᠷᠬᠦ ᠤᠯᠤᠰ ᠤᠨ ᠲᠦᠷᠭᠡᠨ ᠤ ᠵᠠᠰᠠᠮᠠᠯ ᠵᠠᠮ ᠤᠨ ᠵᠢᠨᠢᠩ ᠠᠴᠠ ᠠᠷᠣᠨ ᠬᠤᠰᠢᠭᠤ ᠬᠦᠷᠬᠦ ᠬᠤᠯᠪᠣᠭᠳᠠᠬᠤ ᠱᠤᠭᠤᠮ ᠪᠣᠯ ᠮᠤᠵᠢ ᠶᠢᠨ ᠳᠣᠲᠣᠭᠠᠳᠤ ᠶᠢᠨ ᠲᠣᠮᠣ ᠨᠡᠪᠲᠡᠷᠡᠯ ᠵᠠᠮ ᠤᠨ ᠰᠠᠭᠤᠷᠢᠨ ᠳᠡᠭᠡᠷ᠎ᠡ ᠥᠭᠡᠷᠡᠴᠢᠯᠡᠨ ᠪᠠᠶᠢᠭᠤᠯᠤᠭᠰᠠᠨ ᠲᠦᠷᠭᠡᠨ ᠤ ᠵᠠᠰᠠᠮᠠᠯ ᠵᠠᠮ ᠪᠣᠯᠣᠨ᠎ᠠ᠂ ᠪᠥᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ 9 ᠬᠡᠰᠡᠭ ᠬᠤᠪᠢᠶᠠᠵᠤ᠂ ᠭᠤᠣᠯ ᠱᠤᠭᠤᠮ ᠤᠨ ᠶᠡᠷᠦᠩᠬᠡᠢ ᠤᠷᠲᠤ ᠨᠢ 1324 ᠺᠢᠯᠤᠮᠧᠲᠷ ᠲᠤ ᠬᠦᠷᠴᠦ᠂ ᠶᠡᠷᠦᠩᠬᠡᠢ ᠪᠡᠯᠡ ᠣᠷᠤᠭᠤᠯᠤᠯᠲᠠ ᠶᠢᠨ ᠬᠡᠪᠴᠢᠶ᠎ᠡ ᠨᠢ 455 ᠳ᠋ᠦᠩᠰᠢᠭᠤᠷ ᠲᠥᠭᠦᠷᠢᠭ ᠲᠤ ᠬᠦᠷᠴᠡᠢ᠃ ᠪᠠᠷᠠᠭᠤᠨ ᠠᠴᠠ ᠡᠬᠢᠯᠡᠨ ᠤᠯᠠᠭᠠᠨᠴᠠᠪ ᠬᠤᠲᠠ ᠶᠢᠨ ᠵᠢᠨᠢᠩ ᠬᠢᠭᠡᠳ G55 ᠡᠷᠢᠶᠡᠨ ᠠᠴᠠ ᠭᠤᠸᠠᠩᠵᠧᠦ ᠬᠦᠷᠬᠦ ᠲᠦᠷᠭᠡᠨ ᠤ ᠵᠠᠰᠠᠮᠠᠯ ᠵᠠᠮ᠂ G7 ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠰᠠᠮᠠᠯ ᠵᠠᠮ ᠢ ᠬᠤᠯᠪᠣᠵᠤ᠂ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠬᠢᠩᠭᠠᠨ ᠠᠶᠢᠮᠠᠭ ᠪᠣᠯᠣᠨ ᠬᠥᠯᠥᠨ ᠪᠤᠶᠢᠷ ᠬᠤᠲᠠ ᠪᠠᠷ ᠥᠩᠭᠡᠷᠡᠨ᠂ ᠲᠡᠭᠦᠰᠬᠡᠯ ᠤᠨ ᠴᠡᠭ ᠨᠢ ᠬᠥᠯᠥᠨ ᠪᠤᠶᠢᠷ ᠬᠤᠲᠠ ᠶᠢᠨ ᠠᠷᠣᠨ ᠬᠤᠰᠢᠭᠤ ᠬᠦᠷᠴᠦ ᠳᠠᠭᠤᠰᠤᠨ᠎ᠠ᠃      ᠣᠳᠣᠬᠠᠨ ᠳᠤ᠂ ᠵᠢᠨᠢᠩ ᠠᠴᠠ ᠠᠷᠣᠨ ᠬᠤᠰᠢᠭᠤ ᠬᠦᠷᠬᠦ ᠬᠤᠯᠪᠣᠭᠳᠠᠬᠤ ᠱᠤᠭᠤᠮ ᠤᠨ ᠪᠢᠷᠠᠭᠤ ᠠᠴᠠ ᠳ᠋ᠠᠪᠠᠨ ᠬᠦᠷᠬᠦ ᠬᠡᠰᠡᠭ᠂ ᠵᠠᠯᠠᠨ ᠠᠶᠢᠯ ᠠᠴᠠ ᠠᠷᠣᠨ ᠬᠤᠰᠢᠭᠤ ᠬᠦᠷᠬᠦ ᠬᠡᠰᠡᠭ᠂ ᠤᠯᠠᠭᠠᠨᠬᠤᠲᠠ ᠠᠴᠠ ᠵᠠᠯᠠᠨ ᠠᠶᠢᠯ ᠬᠦᠷᠬᠦ ᠬᠡᠰᠡᠭ ᠨᠢᠭᠡᠨᠲᠡ ᠪᠠᠶᠢᠭᠤᠯᠤᠭᠳᠠᠨ ᠲᠡᠷᠭᠡ ᠨᠡᠪᠲᠡᠷᠡᠪᠡ᠃ ᠪᠠᠶᠢᠭᠤᠯᠵᠤ ᠪᠠᠶᠢᠭ᠎ᠠ ᠳ᠋ᠠᠪᠠᠨ ᠠᠴᠠ ᠴᠠᠪ ᠤᠨ ᠲᠠᠯ᠎ᠠ ᠬᠦᠷᠲᠡᠯᠡᠬᠢ ᠬᠡᠰᠡᠭ᠂ ᠭᠦᠩᠵᠦ ᠶᠢᠨ ᠳᠠᠯᠠᠩ ᠠᠴᠠ ᠪᠢᠷᠠᠭᠤ ᠬᠦᠷᠲᠡᠯᠡᠬᠢ ᠬᠡᠰᠡᠭ ᠵᠡᠷᠭᠡ 5 ᠪᠠᠷᠢᠯᠭ᠎ᠠ ᠶᠢᠨ ᠲᠥᠷᠥᠯ ᠵᠦᠢᠯ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠪᠡ᠃ ᠪᠥᠬᠦ ᠱᠤᠭᠤᠮ ᠢ ᠪᠠᠶᠢᠭᠤᠯᠤᠭᠰᠠᠨ ᠤ ᠳᠠᠷᠠᠭ᠎ᠠ ᠮᠠᠨ ᠤ ᠣᠷᠣᠨ ᠵᠡᠭᠦᠨ ᠳᠤᠮᠳᠠ ᠪᠠᠷᠠᠭᠤᠨ ᠬᠡᠰᠡᠭ ᠤᠨ ᠲᠦᠷᠭᠡᠨ ᠤ ᠵᠠᠰᠠᠮᠠᠯ ᠵᠠᠮ ᠢ ᠬᠤᠯᠪᠣᠨ ᠨᠡᠪᠲᠡᠷᠡᠭᠦᠯᠬᠦ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ︾ ᠶᠡᠷᠦᠩᠬᠡᠶᠢᠯᠡᠭᠰᠡᠨ ᠲᠡᠭᠡᠭᠡᠪᠦᠷᠢ ᠶᠢᠨ ᠨᠡᠪᠲᠡᠷᠡᠯ ᠵᠠᠮ ᠢ ᠲᠡᠭᠦᠯᠳᠡᠷᠵᠢᠭᠦᠯᠬᠦ᠂ ᠵᠠᠮ ᠳᠠᠭᠠᠤ ᠶᠢᠨ ᠠᠵᠤ ᠠᠬᠤᠢ᠂ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号