ᠯᠢᠨᠰᠢ ᠰᠢᠶᠠᠨ ᠤ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2022/5/17
      ᠨᠢᠭᠡ ᠳᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠠᠢ ᠤᠯᠠᠨ ᠤᠳᠠᠭ᠎ᠠ ᠨᠡᠪᠲᠡᠷᠡᠯᠴᠡᠨ ᠰᠣᠯᠢᠯᠴᠠᠵᠤ᠂ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠲᠥᠯᠦᠪᠵᠢᠭᠦᠯᠭᠡ᠂ ᠤᠳᠤ ᠶᠢᠨ ᠪᠠᠶᠢᠭ᠎ᠠ ᠠᠵᠤ ᠠᠬᠤᠶᠢᠯᠠᠯ ᠤᠨ ᠪᠠᠶᠢᠳᠠᠯ ᠵᠡᠷᠭᠡ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠨᠠᠷᠢᠨ ᠣᠶᠢᠯᠠᠭᠠᠪᠠ᠃ ᠡᠭᠦᠨ ᠤ ᠬᠠᠮᠲᠤ ᠣᠶᠢᠷ᠎ᠠ ᠶᠢᠨ ᠬᠤᠭᠤᠴᠠᠭᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠳᠤᠮᠳᠠ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠤᠬᠠᠭᠤᠯᠤᠨ ᠲᠠᠨᠢᠯᠴᠠᠭᠤᠯᠤᠭᠰᠠᠨ ᠪᠥᠭᠡᠳ ᠨᠠᠨ ᠲᠦᠩ ᠤᠨ ᠳ᠋ᠦᠩ ᠭᠠᠩ ᠬᠢᠮᠢ ᠶᠢᠨ ᠠᠵᠤ ᠦᠢᠯᠡᠳᠪᠦᠷᠢ ᠵᠡᠷᠭᠡ ᠣᠯᠠᠨ ᠠᠵᠤ ᠠᠬᠤᠶᠢᠯᠠᠯ ᠲᠠᠢ ᠬᠠᠮᠲᠤ ᠪᠠᠷ ᠬᠦᠷᠢᠶᠡᠯᠡᠩ ᠲᠣᠭᠤᠷᠢᠭ ᠲᠤ ᠬᠦᠷᠴᠦ ᠲᠣᠭᠤᠷᠢᠨ ᠪᠠᠶᠢᠴᠠᠭᠠᠯᠲᠠ ᠬᠢᠭᠰᠡᠨ ᠪᠠᠶᠢᠨ᠎ᠠ᠃      ᠬᠤᠶᠠᠷ ᠲᠤ᠂ ᠬᠤᠳᠠᠯᠳᠤᠭᠠᠴᠢᠨ ᠤᠷᠢᠬᠤ ᠠᠷᠭ᠎ᠠ ᠶᠢᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ 11 ᠠᠵᠤ ᠦᠢᠯᠡᠰ ᠤᠨ ᠬᠡᠯᠬᠢᠶ᠎ᠡ ᠪᠣᠯᠣᠨ 4 ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠬᠤᠳᠠᠯᠳᠣᠭᠠᠴᠢᠨ ᠤᠷᠢᠪᠠ᠃ ᠣᠶᠢᠷ᠎ᠠ ᠶᠢᠨ ᠬᠤᠭᠤᠴᠠᠭᠠᠨ ᠳᠤ ᠨᠢᠭᠡᠨᠲᠡ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠳᠣᠣᠷᠠᠳᠤ ᠤᠷᠤᠰᠬᠠᠯ ᠤᠨ ᠳᠦᠷᠦᠯ ᠵᠦᠢᠯ᠂ ᠢᠳᠡᠰᠢᠨ ᠨᠣᠭᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠦᠷᠦᠯ ᠵᠦᠢᠯ᠂ ᠴᠠᠬᠢᠭᠤᠷ ᠤᠨ ᠮᠠᠲ᠋ᠧᠷᠢᠶᠠᠯ ᠤᠨ ᠳᠦᠷᠦᠯ ᠵᠦᠢᠯ᠂ ᠰᠢᠨ᠎ᠡ ᠡᠨᠧᠷᠭᠢ ᠶᠢᠨ ᠳᠦᠷᠦᠯ ᠵᠦᠢᠯ ᠵᠡᠷᠭᠡ ᠶᠢ ᠵᠥᠪᠳᠡᠯᠴᠡᠨ ᠵᠣᠯᠭᠠᠭᠤᠯᠵᠠᠢ᠃       ᠭᠤᠷᠪᠠ ᠳᠤ᠂ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠵᠢᠴᠢ ᠭᠤᠣᠯᠳᠠᠯᠭ᠎ᠠ  ᠲᠠᠢ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ︽ᠯᠢᠨᠰᠢ ᠰᠢᠶᠠᠨ ᠤ 2021 ︱ 2022 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ  ︿ᠪᠣᠭᠤᠮᠲᠠ ᠰᠢᠪᠲᠤᠯᠬᠤ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠥᠯ︾ ᠪᠣᠯᠣᠨ ︽ᠪᠥᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠶᠢᠨ ᠳᠦᠷᠢᠮ ᠵᠢᠴᠢ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠠᠩᠭᠢ ᠶᠢᠨ ᠳᠦᠷᠢᠮ ᠢ ᠬᠡᠷᠡᠭᠵᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 3 ᠰᠢᠪᠲᠤᠯᠤᠯᠲᠠ ᠶᠢᠨ ᠠᠩᠭᠢ ᠪᠠ 11 ᠰᠠᠯᠪᠤᠷᠢ ᠪᠠᠭ᠎ᠠ ᠠᠩᠭᠢ ᠶᠢ ᠳᠠᠬᠢᠨ ᠡᠮᠬᠢᠯᠡᠨ ᠨᠡᠶᠢᠯᠡᠭᠦᠯᠵᠦ᠂ 4 ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠬᠦᠷᠢᠶ᠎ᠡ ᠶᠢ ᠲᠣᠳᠣᠷᠬᠠᠶᠢᠯᠠᠨ᠂ ᠬᠤᠳᠠᠯᠳᠤᠭᠠᠴᠢᠨ ᠤᠷᠢᠬᠤ ᠲᠤᠰᠬᠠᠢ ᠠᠩᠭᠢ ᠪᠠᠶᠢᠭᠤᠯᠵᠤ᠂ ᠲᠥᠷᠥᠯ ᠵᠦᠢᠯ ᠢ ᠣᠷᠣᠭᠤᠯᠤᠨ ᠠᠪᠴᠢᠷᠠᠵᠤ ᠪᠡᠯᠡ ᠣᠷᠣᠭᠤᠯᠤᠯᠲᠠ ᠶᠢ ᠳᠠᠶᠢᠴᠢᠯᠠᠨ᠂ ᠡᠯ᠎ᠡ ᠬᠦᠷᠢᠶᠡᠨ ᠤ ᠬᠥᠭᠵᠢᠯᠲᠡ ᠶᠢ ᠲᠦᠷᠭᠡᠳᠬᠡᠨ  ᠠᠬᠢᠭᠤᠯᠵᠠᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号