ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽︿ᠭᠤᠷᠪᠠ ᠶᠢ ᠳᠡᠮᠵᠢᠵᠦ ᠨᠢᠭᠡ ᠶᠢ | ᠲᠡᠳᠬᠦᠬᠦ﹀ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠤ ᠠᠮᠢᠳᠤᠷᠠᠯ ᠤᠨ ᠨᠥᠬᠦᠪᠦᠷᠢ ᠶᠢ ᠳᠡᠭᠡᠭᠰᠢᠯᠡᠭᠦᠯᠬᠦ ᠲᠤᠬᠠᠢ ᠮᠡᠳᠡᠭᠳᠡᠯ | ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠭᠤᠷᠪᠠ ᠶᠢ ᠳᠡᠮᠵᠢᠵᠦ | ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠤ ᠬᠠᠮᠢᠶ᠎ᠠ ᠪᠦᠬᠦᠢ ᠨᠥᠬᠦᠪᠦᠷᠢ ᠶᠢᠨ ᠪᠠᠷᠢᠮᠵᠢᠶ᠎ᠠ ᠶᠢ ᠲᠣᠬᠢᠷᠠᠭᠤᠯᠪᠠ᠃ | | ︽ᠮᠡᠳᠡᠭᠳᠡᠯ︾ ᠳᠤ᠂ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠡᠷᠲᠡᠭᠡᠨ | ᠵᠠᠰᠠᠬᠤ ᠣᠷᠣᠨ ᠤ 2020 ᠣᠨ ᠪᠠ 2021 ᠣᠨ ᠳᠤ ᠡᠯᠰᠡᠭᠳᠡᠭᠰᠡᠨ ᠮᠥᠷᠲᠡᠭᠡᠨ 2022 ᠣᠨ ᠤ 3 ᠳ᠋ᠤᠭᠠᠷ | ᠰᠠᠷ᠎ᠠ ᠶᠢᠨ 18 ᠤ ᠡᠳᠦᠷ ᠪᠣᠯᠲᠠᠯ᠎ᠠ ᠮᠥᠨ ᠬᠦ ᠠᠵᠢᠯ ᠤᠨ ᠪᠠᠶᠢᠷᠢ ᠳᠤ ᠪᠠᠨ ᠪᠠᠶᠢᠪᠠᠯ᠂ 2022 ᠣᠨ ᠵᠢᠴᠢ | ᠰᠡᠭᠦᠯᠡᠷᠬᠢ ᠰᠢᠨ᠎ᠡ ᠪᠠᠷ ᠡᠯᠰᠡᠭᠰᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ | ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠤ ᠠᠮᠢᠳᠤᠷᠠᠯ ᠤᠨ | ᠨᠥᠬᠦᠪᠦᠷᠢ ᠶᠢ ᠳᠡᠭᠡᠭᠰᠢᠯᠡᠭᠦᠯᠵᠦ᠂ ᠬᠥᠮᠥᠨ ᠪᠦᠷᠢ ᠰᠠᠷ᠎ᠠ ᠶᠢᠨ 2950 ᠲᠥᠭᠦᠷᠢᠭ ᠪᠠᠶᠢᠭᠰᠠᠨ ᠢ ᠬᠥᠮᠥᠨ ᠪᠦᠷᠢ | ᠰᠠᠷ᠎ᠠ ᠶᠢᠨ 3450 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ᠪᠠᠷᠢᠮᠵᠢᠶ᠎ᠠ ᠶᠢ | ᠳᠡᠭᠡᠭᠰᠢᠯᠡᠭᠦᠯᠬᠦ ᠳᠤ ᠬᠡᠷᠡᠭᠰᠡᠬᠦ ᠪᠡᠯᠡ ᠮᠥᠩᠭᠦ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠥᠪᠡᠷᠲᠡᠭᠡᠨ ᠵᠠᠰᠠᠬᠤ ᠣᠷᠣᠨ | ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠡᠳ᠋ ᠤᠨ ᠵᠠᠰᠠᠭ ᠠᠴᠠ 1: | 1:1 ᠶᠢᠨ ᠬᠠᠷᠢᠴᠠᠯ ᠢᠶᠠᠷ ᠱᠠᠲᠤ ᠬᠤᠪᠢᠶᠠᠨ ᠡᠭᠦᠷᠭᠡᠯᠡᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠬᠢᠭᠡᠳ | ᠮᠠᠨᠵᠤᠤᠷ ᠬᠤᠲᠠ᠂ ᠡᠷᠢᠶᠡᠨ ᠬᠤᠲᠠ 1:1 ᠶᠢᠨ ᠬᠠᠷᠢᠴᠠᠯ ᠢᠶᠠᠷ ᠡᠭᠦᠷᠭᠡᠯᠡᠨ᠎ᠡ᠃ | ᠮᠠᠨ ᠤ ᠣᠷᠣᠨ ᠲᠣᠰ ᠵᠢᠯ ᠳᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯᠲᠠᠨ ᠢ 2500 | ᠡᠯᠰᠡᠵᠦ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠲᠥᠯᠥᠪᠯᠡᠭᠡ ᠶᠢᠨ ᠠᠵᠢᠯᠲᠠᠨ ᠢ 5000 ᠡᠯᠰᠡᠬᠦ ᠪᠠᠷ ᠲᠥᠯᠥᠪᠯᠡᠵᠦ ᠪᠣᠶ᠃ ᠲᠠᠷᠠᠭᠠᠴᠢ ᠶᠢᠨ ᠠᠯᠬᠤᠮ ᠳᠤ᠂ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠪᠣᠳᠠᠲᠠᠢ ᠶᠢ ᠡᠷᠬᠢᠮᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠦᠨᠳᠦᠰᠦᠨ | ᠱᠠᠲᠤᠨ ᠳᠤ ᠦᠢᠯᠡᠴᠢᠯᠡᠬᠦ᠂ ᠵᠥᠪ ᠴᠢᠭᠯᠡᠯ ᠢᠶᠠᠷ ᠵᠣᠷᠢᠭᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠥᠷᠭᠡᠨ | ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠢᠳᠡᠪᠬᠢᠲᠡᠢ ᠪᠠᠷ ᠠᠵᠢᠯ ᠣᠯᠵᠤ | ᠦᠢᠯᠡᠰ ᠴᠣᠭᠴᠠᠯᠠᠬᠤ ᠶᠢ ᠬᠥᠲᠥᠯᠥᠨ ᠵᠢᠯᠤᠭᠤᠳᠴᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ | ᠵᠦᠢᠯ ᠤᠨ ᠲᠥᠯᠥᠪᠯᠡᠭᠡ ᠶᠢ ᠬᠦᠴᠦᠲᠡᠢ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠦᠨᠳᠦᠰᠦᠨ ᠱᠠᠲᠤᠨ ᠳᠤ ᠦᠨᠳᠦᠰᠦᠯᠡᠵᠦ᠂ ᠦᠨᠳᠦᠰᠦᠨ ᠱᠠᠲᠤᠨ ᠳᠤ ᠬᠤᠪᠢ ᠨᠡᠮᠡᠷᠢ | ᠦᠵᠡᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠪᠠ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ᠃ |