5 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ | ᠬᠤᠷᠠᠯᠳᠤᠭᠤᠯᠵᠤ᠂ ᠪᠦᠬᠦ ᠤᠯᠤᠰ ᠤᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠲᠧᠯᠸᠢᠰ | ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠰᠤᠳᠤᠯᠪᠠ᠃ | ᠸᠠᠩ ᠯᠢ ᠰᠢᠶᠠ᠂ ᠪᠦᠬᠦ ᠣᠷᠣᠨ ᠳᠠᠶᠠᠭᠠᠷ ᠢᠶᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠳᠡᠭᠡᠷ᠎ᠡ ᠡᠷᠡᠰ ᠨᠢᠭᠡᠳᠭᠡᠵᠦ᠂ ᠪᠦᠬᠦ ᠤᠯᠤᠰ ᠤᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ | ᠲᠧᠯᠸᠢᠰ ᠤᠲᠠᠰᠤ ᠬᠤᠷᠠᠯ ᠤᠨ ᠱᠠᠭᠠᠷᠳᠠᠯᠭ᠎ᠠ ᠶᠣᠰᠣᠭᠠᠷ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠪᠦᠬᠦ ᠤᠯᠤᠰ ᠤᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤᠮᠳᠠ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠥᠷᠥ ᠶᠢᠨ | ᠶᠠᠪᠤᠳᠠᠯ ᠤᠨ ᠬᠤᠷᠢᠶᠠᠨ ᠤ ᠠᠵᠤ ᠠᠬᠤᠶ ᠶᠢ ᠯᠠᠪᠳᠠᠭᠤᠨ ᠪᠠᠲᠤᠲᠠᠶ ᠲᠣᠭᠲᠠᠪᠤᠷᠢᠵᠢᠭᠤᠯᠬᠤ 6 ᠲᠠᠯ᠎ᠠ ᠶᠢᠨ 33 | ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠮᠠᠨ ᠤ ᠣᠷᠣᠨ ᠤ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠦᠷᠭᠡᠨ ᠪᠥᠭᠡᠳ ᠨᠠᠷᠢᠯᠢᠭ᠂ ᠵᠦᠢᠯ ᠵᠤᠷᠪᠤᠰ ᠦᠭᠡ ᠦᠭᠦᠯᠡᠪᠦᠷᠢ | ᠳᠠᠷᠠᠭᠠᠯᠠᠨ ᠬᠠᠷᠭᠤᠭᠤᠯᠤᠨ ᠲᠣᠭᠲᠠᠭᠠᠵᠤ᠂ ᠪᠥᠬᠦ ᠲᠠᠯ᠎ᠠ ᠪᠠᠷ᠂ ᠣᠨᠣᠪᠴᠢᠲᠠᠶ᠂ ᠨᠠᠷᠢᠯᠢᠭ ᠪᠠᠶᠢᠬᠤ ᠶᠢ ᠪᠡᠶᠡᠯᠡᠭᠦᠯᠬᠦ | ᠬᠡᠷᠡᠭᠲᠡᠶ᠃ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ | ᠠᠬᠤᠢ ᠶᠢᠨ ᠡᠷᠬᠢᠯᠳᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠠᠰᠠᠭᠤᠳᠠᠯ ᠤᠨ | ᠨᠠᠷᠢᠨ ᠳᠠᠩᠰᠠ ᠪᠠ ᠰᠢᠢᠳᠪᠦᠷᠢᠯᠡᠬᠦ ᠠᠷᠭ᠎ᠠ ᠶᠢ ᠴᠠᠭ ᠲᠤᠬᠠᠢ ᠳᠤᠨᠢ ᠭᠠᠷᠭᠠᠵᠤ᠂ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠲᠦᠷᠦᠯ ᠵᠦᠢᠯ ᠳᠡᠭᠡᠷ᠎ᠡ ᠦᠨᠡᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ | ᠭᠡᠵᠦ ᠴᠢᠬᠤᠯᠠᠴᠢᠯᠠᠵᠠᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠵᠠᠩ ᠱᠤᠤ ᠴᠦᠨ᠂ ᠠᠶ ᠯᠢ | ᠬᠤᠸᠠ᠂ ᠴᠢ᠊ ᠪᠠᠲᠤ ᠬᠤᠷᠠᠯ ᠳᠤ ᠣᠷᠣᠯᠴᠠᠵᠠᠶ᠃ |