ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2022/5/27
      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ 5 ᠰᠠᠷ᠎ᠠ ᠶᠢᠨ 26 ᠤ ᠦᠳᠡ ᠶᠢᠨ ᠡᠮᠦᠨ᠎ᠡ ᠲᠡᠭᠦᠰᠪᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠣᠲᠣ 63 ᠬᠥᠮᠦᠨ ᠪᠣᠶ᠂ ᠲᠣᠰ ᠤᠳᠠᠭ᠎ᠠ ᠶᠢᠨ ᠬᠤᠷᠠᠯ ᠳᠤ 59 ᠬᠦᠮᠦᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ ᠲᠡᠭᠦᠰᠭᠦ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠳᠡᠳ᠋ ᠡᠷᠬᠢᠯᠡᠭᠴᠢ ᠵᠠᠩ ᠶᠤᠸᠠᠨ ᠵᠦᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠲᠦᠷᠢᠮ︾  ᠢ ᠪᠠᠲᠤᠯᠠᠪᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠭᠡᠷᠡᠴᠢᠯᠡᠭᠡ ᠶᠢᠨ ᠲᠦᠷᠢᠮ︾ ᠵᠡᠷᠭᠡ 3 ᠣᠷᠣᠨ ᠨᠤᠲᠤᠭ ᠤᠨ ᠴᠢᠨᠠᠷᠲᠠᠶ ᠬᠠᠤᠯᠢ ᠲᠦᠷᠢᠮ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠦᠷᠢᠮ︾ ᠵᠡᠷᠭᠡ 3 ᠣᠷᠣᠨ ᠨᠤᠲᠤᠭ ᠤᠨ ᠴᠢᠨᠠᠷᠲᠠᠶ ᠬᠠᠤᠯᠢ ᠲᠦᠷᠢᠮ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠮᠢᠯᠠᠵᠤ ᠪᠠᠭᠤᠯᠭᠠᠬᠤ ᠠᠵᠢᠯ ᠤᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠬᠢᠳᠠᠯ ᠰᠤᠷᠪᠤᠯᠵᠢᠯᠠᠯ ᠤᠨ ᠲᠦᠷᠢᠮ︾ ᠢ ᠬᠦᠴᠦᠨ ᠥᠬᠡᠶ ᠪᠣᠯᠭᠠᠬᠤ ᠲᠤᠬᠠᠶ ᠲᠣᠭᠲᠠᠭᠠᠯ ᠢ ᠪᠠᠲᠤᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︿ᠬᠥᠬᠡᠬᠤᠲᠠ ᠶᠢᠨ ᠬᠡᠷ ᠤᠨ ᠭᠠᠳᠠᠨᠠᠬᠢ ᠵᠠᠷ ᠤᠨ ᠬᠠᠮᠢᠶᠠᠷᠤᠯᠲᠠ ᠶᠢᠨ ᠲᠦᠷᠢᠮ﹀ ᠵᠡᠷᠭᠡ 2 ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠬᠦᠴᠦᠨ ᠥᠬᠡᠶ ᠪᠣᠯᠭᠠᠬᠤ ᠲᠤᠬᠠᠶ ᠲᠣᠭᠲᠠᠭᠠᠯ︾ ᠢ ᠵᠥᠪᠰᠢᠶᠡᠷᠡᠬᠦ ᠲᠤᠬᠠᠶ ᠰᠢᠢᠳᠪᠦᠷᠢ᠂ ︽ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠲᠦᠷᠢᠮ︾ ᠢ ᠵᠥᠪᠰᠢᠶᠡᠷᠡᠬᠦ ᠲᠤᠬᠠᠶ ᠰᠢᠶ᠋ᠳᠪᠦᠷᠢ᠂ ︽ᠦᠬᠠᠶ ᠬᠤᠲᠠ ᠶᠢᠨ ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠢ ᠵᠥᠪᠰᠢᠶᠡᠷᠡᠬᠦ ᠲᠤᠬᠠᠶ ᠰᠢᠢᠳᠪᠦᠷᠢ᠂ ︽ᠦᠬᠠᠶ ᠬᠤᠲᠠ ᠶᠢᠨ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠦᠷᠢᠮ︾ ᠢ ᠵᠥᠪᠰᠢᠶᠡᠷᠡᠬᠦ ᠲᠤᠬᠠᠶ ᠰᠢᠢᠳᠪᠦᠷᠢ᠂ ︽ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︿ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠳᠠᠭᠤᠷ ᠦᠨᠳᠦᠰᠦᠲᠡᠨ ᠤ ᠠᠷᠠᠳ ᠤᠨ ᠤᠯᠠᠮᠵᠢᠯᠠᠯᠲᠤ ᠰᠣᠶᠣᠯ ᠢ ᠬᠠᠮᠠᠭᠠᠯᠠᠬᠤ ᠲᠦᠷᠢᠮ﹀ ᠵᠡᠷᠭᠡ 4 ᠲᠤᠰᠬᠠᠶ ᠲᠦᠷᠢᠮ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠵᠥᠪᠰᠢᠶᠡᠷᠡᠬᠦ ᠲᠤᠬᠠᠶ ᠰᠢᠢᠳᠪᠦᠷᠢ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠲᠣᠭᠲᠠᠭᠠᠯ᠂ 2022 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠵᠥᠪᠰᠢᠶᠡᠷᠡᠬᠦ ᠲᠤᠬᠠᠶ ᠰᠢᠢᠳᠪᠦᠷᠢ ᠶᠢ ᠪᠠᠲᠤᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠤᠰᠢᠶᠠᠭᠰᠠᠨ 1 ᠳ᠋ᠦ᠋ᠭᠡᠷ ᠠᠴᠠ 16 ᠳ᠋ᠤᠭᠠᠷ ᠲᠣᠭᠠᠲᠤ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠪᠠᠲᠤᠯᠠᠪᠠ᠃ ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠠᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠱᠤᠤ ᠴᠧᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠲᠣᠭᠲᠠᠭᠠᠭᠰᠠᠨ ᠡᠭᠦᠷᠭᠡ ᠲᠤᠰᠢᠶᠠᠯ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠬᠠᠤᠯᠢ ᠲᠣᠭᠲᠠᠭᠠᠬᠤ ᠶᠠᠰᠤ ᠴᠢᠨᠠᠷ ᠢ ᠦᠨᠡᠨ ᠬᠦ ᠪᠠᠲᠤᠯᠠᠵᠤ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠵᠢᠷᠤᠮᠯᠠᠭᠰᠠᠨ ᠤᠷᠢᠲᠠᠯ ᠳᠣᠣᠷ᠎ᠠ᠂ ︽ᠪᠠᠴᠢᠮ ᠬᠡᠷᠡᠭᠯᠡᠬᠦ ᠶᠢ ᠨᠢ ᠤᠷᠢᠳ ᠢᠶᠠᠷ ᠲᠤᠬᠳᠠᠭᠠᠬᠤ︾ ᠵᠠᠷᠴᠢᠮ ᠶᠣᠰᠣᠭᠠᠷ᠂ ᠬᠠᠤᠯᠢ ᠲᠣᠭᠲᠠᠭᠠᠬᠤ ᠠᠯᠬᠤᠮ ᠢᠶᠠᠨ ᠵᠣᠬᠢᠰᠲᠠᠶ ᠲᠦᠷᠭᠡᠳᠭᠡᠵᠦ᠂ ᠨᠢᠭᠡ ᠵᠦᠢᠯ ᠨᠢ ᠪᠣᠯᠪᠠᠰᠤᠷᠠᠩᠭᠤᠶ ᠪᠣᠯᠪᠠᠯ ᠨᠢᠭᠡ ᠵᠦᠢᠯ ᠢ ᠡᠬᠢᠯᠡᠭᠦᠯᠵᠦ᠂ ᠲᠡᠷᠡ ᠨᠢᠭᠡ ᠵᠦᠢᠯ ᠢᠶᠠᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠠᠷᠢᠮᠲᠠᠯᠠᠵᠤ᠂ ᠪᠦᠲᠦᠮᠵᠢᠲᠡᠢ ᠬᠢᠨᠠᠯᠲᠠ ᠲᠠᠯᠪᠢᠬᠤ ᠬᠡᠯᠪᠡᠷᠢ ᠶᠢ ᠭᠦᠨᠵᠡᠭᠡᠢ ᠰᠦᠪᠡᠭᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠬᠠᠳᠠᠨ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢᠳ ᠤᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠤᠯᠤᠰ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠣᠯᠴᠠᠬᠤ ᠳᠤᠮᠳᠠᠬᠢ ᠢᠳᠡᠪᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠡᠯ᠎ᠡ ᠲᠠᠯ᠎ᠠ ᠶᠢᠨ ᠪᠠᠶᠢᠭᠤᠯᠤᠯᠲᠠ ᠶᠢ ᠶᠡᠷᠦᠩᠬᠡᠶᠢᠯᠡᠨ ᠵᠢᠯᠤᠭᠤᠳᠤᠭᠤᠯᠵᠤ᠂ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号