5 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠥᠷ | ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠪᠡ᠃ | ᠬᠤᠸᠠᠩ ᡁᠢ ᠴᠢᠶᠠᠩ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠯᠤᠰ ᠤᠨ ᠰᠠᠯᠬᠢᠨ | ᠬᠦᠴᠦᠨ ᠤ ᠴᠠᠬᠢᠯᠭᠠᠨ ᠬᠡᠷᠡᠯᠴᠢ ᠴᠡᠨᠡᠭ ᠤᠨ ᠲᠣᠮᠣ ᠰᠠᠭᠤᠷᠢᠨ ᠢ ᠪᠥᠲᠥᠭᠡᠨ ᠪᠠᠶᠢᠭᠤᠯᠬᠤ ᠴᠢᠬᠤᠯᠠ ᠶᠡᠭᠡ ᠠᠵᠠ | ᠲᠣᠬᠢᠶᠠᠯ ᠢ ᠠᠮᠵᠢᠵᠤ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠡᠷᠡᠰ ᠪᠠᠳᠤ ᠣᠶᠤᠨᠲᠤ ᠠᠮᠢᠳᠤᠯᠢᠭ ᠴᠠᠬᠢᠯᠭᠠᠨ ᠲᠤᠤᠷ ᠢ | ᠪᠥᠲᠥᠭᠡᠨ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠪᠠᠲᠤᠯᠠᠬᠤ ᠳᠤᠮᠳᠠ ᠲᠣᠰ ᠪᠡᠶ᠎ᠡ ᠶᠢᠨ ᠬᠦᠴᠦᠨ ᠢᠶᠠᠨ ᠲᠠᠰᠤᠷᠠᠯᠲᠠ ᠥᠬᠡᠶ | ᠪᠤᠵᠠᠭᠠᠶᠢᠷᠠᠭᠤᠯᠬᠤ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ | ᠴᠠᠬᠢᠯᠭᠠᠨ ᠬᠦᠴᠦᠨ ᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠂ ᠢᠯᠴᠢ ᠶᠢᠨ ᠴᠠᠬᠢᠯᠭᠠᠨ ᠤ ᠤᠷᠭᠢᠯ ᠢ | ᠲᠣᠬᠢᠷᠠᠭᠤᠯᠬᠤ ᠳᠤ ᠨᠥᠬᠦᠪᠥᠷᠢ ᠥᠭᠬᠦ᠂ ᠨᠥᠭᠡᠴᠡ ᠡᠨᠧᠷᠭᠢ ᠶᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠡᠷᠭᠡ | ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ ᠬᠡᠷᠡᠭᠯᠡᠭᠡᠨ ᠤ ᠰᠢᠨ᠎ᠡ ᠵᠠᠭᠪᠤᠷ᠂ | ᠰᠢᠨ᠎ᠡ ᠪᠠᠶᠢᠳᠠᠯ ᠢ ᠬᠡᠷᠡᠭᠯᠡᠬᠦ ᠶᠢ ᠶᠡᠭᠡ ᠪᠠᠷ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠢ ᠲᠠᠰ | ᠳᠡᠪᠰᠢᠭᠦᠯᠬᠦ᠂ ᠠᠵᠤ ᠦᠢᠯᠡᠰ ᠢ ᠴᠤᠭᠯᠠᠷᠠᠭᠤᠯᠬᠤ ᠳᠤ ᠰᠢᠨ᠎ᠡ ᠳᠠᠪᠠᠭᠤᠯᠢᠭ ᠢ ᠡᠭᠦᠳᠬᠦ ᠬᠡᠷᠡᠭᠲᠡᠶ᠃ ︽ᠤᠯᠤᠰ ᠤᠨ | ᠠᠩᠭᠢ︾ ᠶᠢᠨ ᠪᠠᠷᠢᠮᠵᠢᠶ᠎ᠠ ᠪᠠᠷ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ | ᠣᠳᠣᠬᠢᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠬᠡᠯᠡᠪᠡ᠃ |