ᠴᠢ᠊ ᠪᠠᠲᠤ ᠬᠥᠬᠡᠬᠤᠲᠠ ᠪᠣᠯᠤᠨ ᠤᠯᠠᠭᠠᠨᠴᠠᠪ ᠬᠤᠲᠠ ᠳᠤ ᠪᠠᠶᠢᠴᠠᠭᠠᠨ ᠰᠤᠳᠤᠯᠬᠤ ᠳᠠᠭᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠣᠳᠣᠬᠠᠨ ᠤ ᠠᠵᠢᠯ ᠤᠨ ᠭᠤᠤᠯᠳᠠᠯᠭ᠎ᠠ ᠪᠣᠯᠭᠠᠬᠤ ᠬᠡᠷᠡᠭᠲᠡᠶ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2022/5/30
     5 ᠰᠠᠷ᠎ᠠ ᠶᠢᠨ 26 ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠤᠷᠢᠳ ᠬᠤᠵᠢᠳ ᠬᠥᠬᠡᠬᠤᠲᠠ ᠪᠣᠯᠤᠨ ᠤᠯᠠᠭᠠᠨᠴᠠᠪ ᠬᠤᠳᠠ ᠳᠤ ᠭᠦᠨᠵᠡᠭᠡᠶᠢᠷᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠪᠠᠶᠢᠴᠠᠭᠠᠨ ᠰᠤᠳᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ᠂ ᠡᠳᠦᠷ ᠤᠨ ᠬᠦᠴᠦ ᠶᠠᠪᠤᠬᠴᠢ  ᠶᠢᠨ ᠵᠠᠬ᠎ᠠ ᠳᠡᠯᠭᠡᠭᠦᠷ᠂ ᠭᠤᠣᠯᠳᠠᠯᠭ᠎ᠠ ᠲᠠᠢ ᠠᠵᠤ ᠠᠬᠤᠶᠢᠯᠠᠯ ᠵᠡᠷᠭᠡ ᠶᠢᠨ ᠠᠵᠢᠯᠯᠠᠭᠠᠨ ᠤ ᠪᠠᠶᠢᠳᠠᠯ᠂ ᠠᠵᠢᠯ ᠣᠯᠭᠤᠯᠲᠠ ᠳᠤ ᠦᠢᠯᠡᠴᠢᠯᠡᠵᠦ ᠲᠠᠶᠢᠴᠢᠯᠠᠵᠦ ᠪᠠᠶᠢᠭ᠎ᠠ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃      ᠴᠢ᠊ ᠪᠠᠲᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠣᠳᠣᠬᠠᠨ ᠤ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢ ᠲᠣᠭᠲᠠᠪᠤᠷᠢᠵᠢᠭᠤᠯᠬᠤ 6 ᠲᠠᠯ᠎ᠠ ᠶᠢᠨ 33 ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠳᠥᠭᠦᠮ ᠳᠥᠲᠡ ᠥᠨᠳᠥᠷ ᠪᠦᠲᠦᠮᠵᠢᠲᠡᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠵᠡᠷᠭᠡ ᠶᠢᠨ ᠰᠢᠯᠭᠠᠵᠤ ᠡᠯᠰᠡᠬᠦ ᠪᠠ ᠤᠷᠢᠵᠤ ᠡᠯᠰᠡᠬᠦ ᠠᠵᠢᠯ ᠢ ᠱᠠᠯᠠᠪᠳᠠᠭᠤᠯᠤᠨ ᠵᠣᠬᠢᠶᠠᠨ ᠪᠠᠶᠢᠭᠤᠯᠬᠤ ᠬᠡᠷᠡᠭᠲᠡᠢ᠃ ᠨᠠᠷᠢᠯᠢᠭ ᠣᠨᠣᠴᠠᠲᠠᠶ ᠪᠠᠷ ᠲᠠᠪᠳᠠᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠬᠤ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠷᠠᠯᠵᠢᠶᠠᠴᠢᠨ ᠤᠷᠢᠵᠤ ᠪᠠᠯᠠ ᠮᠦᠡᠭᠭᠦ ᠣᠷᠣᠭᠤᠯᠤᠨ ᠠᠪᠴᠢᠷᠠᠬᠤ ᠶᠢ ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠳᠤ ᠴᠢᠭᠯᠡᠭᠦᠯᠦᠨ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠠᠵᠢᠯᠯᠠᠭ᠎ᠠ ᠶᠢ ᠥᠷᠨᠢᠭᠦᠯᠵᠦ᠂ ᠬᠥᠮᠦᠨ ᠬᠡᠷᠡᠭᠯᠡᠬᠦ ᠨᠢᠭᠡᠴᠢ ᠪᠣᠯᠤᠨ ᠤᠷᠢᠬᠳᠠᠵᠤ ᠠᠵᠢᠯᠯᠠᠬᠤ ᠬᠥᠮᠦᠰ ᠲᠤ ᠰᠠᠶᠢᠲᠤᠷ ᠬᠦᠬᠦᠷᠭᠡ ᠬᠤᠯᠪᠤᠭᠠᠰᠤ ᠪᠤᠯᠬᠤ ᠭᠡᠷᠡᠭᠳᠠᠢ ᠭᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号