ᠮᠠᠨ ᠤ ᠣᠷᠣᠨ ᠤ ᠱᠠᠩᠬᠠᠶ ᠶᠢ ᠲᠤᠰᠠᠯᠠᠬᠰᠠᠨ ᠡᠮᠴᠢᠯᠡᠭᠡᠨ ᠤ ᠠᠩᠭᠢ ᠪᠦᠬᠦᠨ ᠢᠶᠠᠷ ᠢᠶᠠᠨ ᠪᠤᠴᠠᠵᠤ ᠢᠷᠠᠪᠠ ᠪᠣᠤ ᠰᠢᠶᠠᠨ ᠬᠤᠸᠠ ᠤᠭᠲᠤᠬᠤ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2022/5/30
     5 ᠰᠠᠷ᠎ᠠ ᠶᠢᠨ 27 ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠱᠠᠩᠬᠠᠢ ᠶᠢ ᠲᠤᠰᠠᠯᠠᠬᠰᠠᠨ ᠡᠮᠴᠢᠯᠡᠭᠡᠨ ᠤ ᠠᠩᠭᠢ ᠶᠢᠨ 163 ᠭᠡᠰᠢᠬᠦᠨ ᠢ ᠰᠠᠭᠤᠯᠭᠠᠭᠰᠠᠨ CA79 ᠵᠢᠰᠢᠶᠠᠨ ᠤ ᠨᠢᠰᠭᠡᠯ ᠴᠠᠭᠠᠨ ᠰᠤᠪᠤᠷᠭ᠎ᠠ ᠤᠯᠠᠨ ᠤᠯᠤᠰ ᠤᠨ ᠨᠢᠰᠭᠡᠯ ᠤᠨ ᠪᠠᠭᠤᠳᠠᠯ ᠳᠤ ᠪᠠᠭᠤᠬᠤ ᠳᠤ ᠬᠥᠬᠡᠬᠤᠲᠠ ᠶᠢᠨ ᠬᠢᠨ ᠡᠮᠴᠢᠯᠡᠭᠡᠨ ᠤ ᠠᠩᠭᠢ ᠶᠢᠨ ᠭᠡᠰᠢᠭᠦᠳ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠪᠣᠤ ᠰᠢᠶᠠᠨ ᠬᠤᠸᠠ ᠥᠪᠥᠷ ᠮᠣᠩᠭᠤᠯ ᠤᠨ ᠱᠠᠩᠬᠠᠢ ᠶᠢ ᠲᠤᠰᠠᠯᠠᠭᠰᠠᠨ ᠡᠮᠴᠢᠯᠡᠭᠡᠨ ᠤ ᠠᠩᠭᠢ ᠶᠢᠨ ᠭᠡᠰᠢᠭᠦᠳ ᠢ ᠲᠣᠬᠤᠨᠢᠭᠤᠯᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠱᠠᠩᠬᠠᠢ ᠶᠢᠨ ᠬᠢᠵᠢᠭ ᠤᠨ ᠪᠠᠶᠢᠳᠠᠯ ᠬᠠᠮᠤᠭ ᠤᠨ ᠬᠦᠨᠳᠦ ᠬᠡᠴᠡᠭᠦᠦ ᠪᠠᠶᠢᠭᠰᠠᠨ ᠦᠶ᠎ᠡ ᠳᠤ᠂ ᠭᠡᠰᠢᠭᠦᠳ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ᠂ ᠰᠦᠷᠴᠤ ᠤᠷᠤᠬᠰᠢᠯᠠᠨ ᠲᠠᠶᠢᠨ ᠳᠤ ᠮᠤᠷᠳᠠᠬᠰᠡᠨ ᠨᠢ ᠰᠢᠨ᠎ᠡ ᠴᠠᠭ ᠦᠶ᠎ᠡ ᠶᠢᠨ ᠡᠷᠡᠭᠦᠯ ᠡᠩᠬᠡ ᠶᠢᠨ ᠡᠯᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠡᠢ᠃ ᠨᠢᠭᠡ ᠰᠠᠷ᠎ᠠ ᠶᠢᠨ ᠲᠤᠷᠰᠢ᠂ ᠤᠯᠠᠨ ᠢᠶᠠᠷ ᠢᠶᠠᠨ ᠪᠦᠯᠬᠦᠮᠳᠡᠨ ᠲᠡᠮᠡᠴᠡᠵᠦ᠂ ᠬᠠᠷᠠᠮ ᠦᠭᠡᠢ ᠵᠣᠷᠢᠭᠤᠯᠵᠤ᠂ ᠥᠪᠡᠷ ᠢ ᠪᠠᠨ ᠤᠮᠠᠷᠲᠠᠨ ᠠᠵᠢᠯᠯᠠᠵᠤ᠂ ᠨᠠᠷᠢᠯᠢᠭ ᠮᠡᠷᠭᠡᠵᠢᠯ ᠂ ᠰᠢᠯᠢᠳᠡᠭ ᠦᠢᠯᠡᠴᠢᠯᠡᠭᠡ ᠪᠠ ᠣᠷᠭᠢᠯᠤᠮ᠎ᠠ ᠬᠠᠯᠠᠭᠤᠨ ᠰᠡᠳᠭᠢᠯᠭᠡ ᠪᠠᠷ ᠡᠯ᠎ᠡ ᠵᠦᠢᠯ ᠤᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ᠂ ︽ᠦᠯᠤ ᠬᠠᠯᠳᠠᠪᠤᠷᠢᠯᠠᠬᠰᠠᠨ︾ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠳᠤ ᠢᠷᠠᠭᠤ ᠠᠯᠳᠠᠷ ᠣᠯᠭᠤᠪᠠ᠃ ᠬᠤᠶᠢᠰᠢᠳᠠ᠂ ᠭᠡᠰᠢᠭᠦᠳ ᠠᠮᠠᠷᠠᠵᠤ ᠲᠣᠬᠢᠷᠠᠭᠤᠯᠤᠯᠲᠠ ᠬᠢᠵᠦ᠂ ᠨᠠᠩ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠤᠨ ᠪᠠᠶᠢᠷᠢ ᠳᠠᠭᠠᠨ ᠪᠤᠴᠠᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠳᠠᠬᠢᠨᠲᠠ ᠬᠡᠷᠡᠯ ᠰᠠᠴᠤᠷᠠᠩᠭᠤᠶ ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠵᠤ ᠬᠡᠯᠡᠪᠡ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 68 ᠡᠮᠨᠡᠯᠭᠡ ᠶᠢᠨ ᠬᠤᠷᠢᠶ᠎ᠠ ᠪᠣᠯᠤᠨ ᠠᠶᠢᠮᠠᠭ ᠬᠤᠲᠠ ᠶᠢᠨ ᠡᠮᠨᠡᠯᠭᠡ ᠶᠢᠨ ᠬᠤᠷᠢᠶ᠎ᠠ ᠠᠴᠠ ᠰᠢᠯᠵᠢᠭᠦᠯᠵᠤ ᠲᠤᠮᠢᠯᠠᠬᠰᠠᠨ 918 ᠬᠥᠮᠦᠨ ᠢᠶᠠᠷ ᠪᠦᠷᠢᠯᠳᠦᠭᠰᠡᠨ ᠱᠠᠩᠬᠠᠶ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠬᠢᠨ 4 ᠰᠠᠷ᠎ᠠ ᠶᠢᠨ 26 ᠤ ᠡᠳᠦᠷ ᠱᠠᠩᠬᠠᠶ ᠳᠤ ᠬᠦᠷᠴᠦ ᠬᠢᠵᠢᠭ ᠲᠠᠢ ᠲᠡᠮᠡᠴᠡᠬᠦ ᠡᠭᠦᠷᠭᠡ ᠶᠢ ᠭᠦᠢᠴᠡᠳᠭᠡᠵᠦ᠂ ᠨᠢᠭᠡ ᠰᠠᠷ᠎ᠠ ᠶᠢᠨ ᠬᠠᠲᠠᠭᠤᠵᠢᠯᠲᠠᠶ ᠲᠡᠮᠡᠴᠡᠯ ᠢᠶᠠᠷ ᠳᠡᠮᠵᠢᠨ ᠡᠮᠴᠢᠯᠡᠭᠡᠨ ᠤ ᠠᠩᠭᠢ ᠶᠢᠨ ᠬᠢᠨ ᠬᠢᠵᠢᠭ ᠲᠠᠢ ᠲᠡᠮᠡᠴᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ ᠂ ᠪᠥᠬᠦ ᠡᠮᠴᠢᠯᠡᠭᠡᠨ ᠤ ᠠᠩᠭᠢ ᠶᠢᠨ ᠬᠢᠨ ᠠᠮᠤᠷ ᠲᠦᠪᠰᠢᠨ ᠢᠶᠠᠷ ᠲᠣᠮᠢᠯᠠᠭᠰᠠᠨ ᠭᠠᠵᠠᠷ ᠲᠠᠭᠠᠨ ᠪᠤᠴᠠᠵᠤ ᠢᠷᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号