ᠥᠪᠡᠷᠲᠡᠭᠡᠨ ᠵᠠᠰᠠᠬᠤ ᠣᠷᠣᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ ᠵᠠᠩ ᠱᠤᠤ ᠴᠦᠨ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/5/31
      5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠸᠢᠳᠢᠣ᠋ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠶᠠᠳᠤᠭᠠᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ᠬᠠᠨᠳᠤᠰᠢ ᠶᠢ ᠲᠣᠭᠲᠠᠭᠠᠬᠤ ᠵᠠᠩᠭᠢᠯᠠᠭ᠎ᠠ ᠶᠢᠨ ᠴᠡᠭ ᠪᠣᠯᠣᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠤᠨ ᠠᠵᠤ ᠠᠬᠤᠢ ᠶᠢ ᠲᠣᠭᠲᠠᠭᠤᠨ ᠪᠠᠶᠢᠯᠭᠠᠬᠤ ᠳᠦᠷᠦ ᠶᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠡᠷᠡᠰ ᠲᠤᠭᠤᠰᠢᠯᠠᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠲᠣᠭᠲᠠᠭᠤᠨ ᠪᠠᠶᠢᠯᠭᠠᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠥᠷᠥᠯ ᠵᠦᠢᠯ ᠤᠨ ᠨᠥᠭᠡᠴᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠣᠨ ᠤ ᠪᠡᠯᠡ ᠣᠷᠣᠭᠤᠯᠤᠯᠲᠠ ᠶᠢᠨ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠤ ᠠᠬᠤᠢ ᠶᠢ ᠲᠣᠭᠲᠠᠪᠤᠷᠢᠵᠢᠭᠤᠯᠬᠤ᠂ ᠲᠦᠷᠦᠯ ᠵᠦᠢᠯ ᠢ ᠠᠳᠬᠤᠬᠤ᠂ ᠬᠥᠭᠵᠢᠯᠲᠡ ᠶᠢ ᠠᠬᠢᠭᠤᠯᠬᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号