5 ᠳ᠋ᠤᠭᠠᠷ ᠰᠠᠷ᠎ᠠ ᠶᠢᠨ 31 ᠤ ᠡᠳᠦᠷ ᠠᠴᠠ ᠡᠬᠢᠯᠡᠨ ᠮᠠᠨ ᠤ ᠣᠷᠣᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠦᠳᠦᠭᠡᠭᠴᠢ ᠶᠢᠨ ᠪᠠᠶᠢᠴᠠᠭᠠᠯᠲᠠ᠂ ᠳᠠᠭᠠᠭᠠᠭᠴᠢ ᠶᠢᠨ ᠪᠠᠶᠢᠴᠠᠭᠠᠯᠲᠠ ᠶᠢᠨ ᠦᠨ᠎ᠡ ᠪᠠᠭᠤᠷᠠᠨ᠎ᠠ
ᠨᠡᠶᠢᠲᠡᠯᠡᠭᠰᠡᠨ ᠴᠠᠭ᠄
2022/5/31
      ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ ᠂ 5 ᠳ᠋ᠤᠭᠠᠷ ᠰᠠᠷ᠎ᠠ ᠶᠢᠨ 31 ᠤ ᠡᠳᠦᠷ ᠠᠴᠠ ᠡᠬᠢᠯᠡᠨ᠂ ᠮᠠᠨ ᠤ ᠣᠷᠣᠨ ᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠥᠳᠥᠭᠡᠭᠴᠢ ᠶᠢᠨ ᠪᠠᠶᠢᠴᠠᠭᠠᠯᠲᠠ ᠪᠠ ᠳᠠᠭᠠᠭᠠᠭᠴᠢ ᠶᠢᠨ ᠪᠠᠶᠢᠴᠠᠭᠠᠯᠲᠠ ᠶᠢᠨ ᠦᠨ᠎ᠡ ᠶᠢ ᠴᠥᠮ ᠪᠠᠭᠤᠷᠠᠭᠤᠯᠤᠨ᠎ᠠ᠃      ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠥᠭᠡᠮ ᠬᠦᠴᠢᠯ ᠤᠨ ᠭᠠᠭᠴᠠ ᠬᠦᠮᠦᠨ ᠤ ᠲᠤᠰᠠᠭᠠᠷ ᠪᠠᠶᠢᠴᠠᠭᠠᠯᠲᠠ ᠶᠢᠨ ᠲᠥᠷᠥᠯ ᠵᠦᠢᠯ ᠤᠨ ᠦᠨ᠎ᠡ ᠬᠠᠩᠰᠢ ᠶᠢ ᠬᠥᠮᠥᠨ ᠤᠳᠠᠭ᠎ᠠ ᠪᠦᠷᠢ 16 ᠲᠥᠭᠦᠷᠢᠭ ᠪᠣᠯᠭᠠᠨ ᠲᠣᠬᠢᠷᠠᠭᠤᠯᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠳᠤ ᠬᠠᠮᠢᠶ᠎ᠠ ᠪᠦᠬᠦᠢ ᠬᠤᠷᠣᠭᠳᠠᠯ ᠮᠠᠲ᠋ᠧᠷᠢᠶᠠᠯ᠂ ᠤᠷᠪᠠᠯᠵᠢ ᠶᠢ ᠭᠠᠷᠭᠠᠨ ᠠᠪᠬᠤ ᠵᠡᠷᠭᠡ ᠵᠠᠷᠤᠳᠠᠯ ᠪᠠᠭᠲᠠᠭᠠᠨ᠎ᠠ᠂ ᠣᠯᠠᠨ ᠬᠥᠮᠥᠨ ᠢ ᠬᠤᠯᠢᠯᠳᠤᠭᠤᠯᠤᠨ ᠪᠠᠶᠢᠴᠠᠭᠠᠬᠤ ᠳᠤ ᠮᠥᠨ ᠬᠥᠮᠥᠨ ᠤᠳᠠᠭ᠎ᠠ ᠪᠦᠷᠢ 3.4 ᠲᠥᠭᠦᠷᠢᠭ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ︔ ᠥᠳᠥᠭᠡᠭᠴᠢ ᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠦᠨ᠎ᠡ ᠬᠠᠩᠰᠢ ᠶᠢ ᠬᠥᠮᠥᠨ ᠤᠳᠠᠭ᠎ᠠ ᠪᠦᠷᠢ 2 ᠲᠥᠭᠦᠷᠢᠭ ᠪᠣᠯᠭᠠᠨ ᠲᠣᠬᠢᠷᠠᠭᠤᠯᠵᠤ᠂ ᠥᠳᠥᠭᠡᠭᠴᠢ ᠶᠢᠨ ᠪᠠᠶᠢᠴᠠᠭᠠᠯᠲᠠ ᠶᠢᠨ ᠤᠷᠪᠠᠯᠵᠢ ᠶᠢ ᠪᠣᠳᠠᠲᠠᠢ ᠬᠤᠳᠠᠯᠳᠤᠨ ᠠᠪᠤᠭᠰᠠᠨ ᠦᠨ᠎ᠡ ᠶᠢᠨ ᠵᠥᠷᠢᠶ᠎ᠡ ᠦᠭᠡᠢ ᠨᠣᠷᠮ᠎ᠠ ᠪᠠᠷ ᠪᠣᠷᠣᠯᠠᠭᠤᠯᠤᠨ᠎ᠠ᠂ ︽ᠦᠨ᠎ᠡ ᠬᠠᠩᠰᠢ ᠶᠢᠨ ᠲᠥᠷᠥᠯ ᠵᠦᠢᠯ + ᠪᠠᠶᠢᠴᠠᠭᠠᠯᠲᠠ ᠶᠢᠨ ᠤᠷᠪᠠᠯᠵᠢ︾ ᠶᠢᠨ ᠰᠦᠢᠳᠬᠡᠯ ᠬᠤᠷᠢᠶᠠᠬᠤ ᠶᠡᠷᠦᠩᠬᠡᠢ ᠬᠡᠮᠵᠢᠶ᠎ᠡ ᠶᠢ ᠬᠥᠮᠥᠨ ᠤᠳᠠᠭ᠎ᠠ ᠪᠦᠷᠢ 6 ᠲᠥᠭᠦᠷᠢᠭ ᠠᠴᠠ ᠥᠨᠳᠥᠷ ᠪᠠᠶᠢᠯᠭᠠᠵᠤ ᠪᠣᠯᠬᠤ ᠦᠭᠡᠢ︔ ᠳᠠᠭᠠᠭᠠᠭᠴᠢ ᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠦᠨ᠎ᠡ ᠶᠢ ᠵᠦᠢᠯ ᠪᠦᠷᠢ ᠳᠤ 15 ᠲᠥᠭᠦᠷᠢᠭ ᠪᠣᠯᠭᠠᠨ ᠲᠣᠬᠢᠷᠠᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠪᠤᠰᠤ ᠡᠮᠴᠢᠯᠡᠭᠡᠨ ᠤ ᠪᠠᠶᠢᠭᠤᠯᠤᠮᠵᠢ ᠵᠢᠴᠢ ᠠᠨᠠᠭᠠᠬᠤ ᠤᠬᠠᠭᠠᠨ ᠤ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠵᠡᠷᠭᠡ ᠨᠡᠶᠢᠭᠡᠮ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠨᠤᠭᠤᠳ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ᠂ ᠦᠨ᠎ᠡ ᠲᠣᠭᠲᠠᠭᠠᠬᠤ ᠳᠤ ᠪᠠᠨ ︽ᠲᠥᠪ ᠭᠤᠥᠯᠴᠢ᠂ ᠬᠠᠤᠯᠢ ᠳᠤ ᠨᠡᠶᠢᠴᠡᠬᠦ ᠪᠠ ᠦᠨᠡᠨᠴᠢ ᠢᠲᠡᠭᠡᠮᠵᠢᠲᠡᠢ ᠪᠠᠶᠢᠬᠤ︾ ᠵᠠᠷᠴᠢᠮ ᠢ ᠵᠢᠷᠤᠮᠯᠠᠨ᠂ ᠪᠡᠯᠡ ᠪᠠᠨ ᠪᠠᠲᠤᠯᠠᠵᠤ ᠥᠴᠥᠬᠡᠨ ᠠᠰᠢᠭ ᠣᠯᠬᠤ᠂ ᠶᠠᠰᠤ ᠴᠢᠨᠠᠷ ᠪᠠ ᠦᠨ᠎ᠡ ᠬᠠᠩᠰᠢ ᠨᠢ ᠬᠠᠷᠢᠯᠴᠠᠨ ᠨᠡᠶᠢᠴᠡᠬᠦ ᠶᠢ ᠢᠯᠡᠷᠡᠭᠦᠯᠵᠦ᠂ ᠲᠤᠬᠠᠢ ᠶᠢᠨ ᠭᠠᠵᠠᠷ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠨ᠎ᠡ ᠬᠠᠩᠰᠢ ᠪᠠᠷ ᠯᠠᠪᠯᠠᠯᠲᠠ ᠪᠣᠯᠭᠠᠬᠤ ᠶᠢ ᠰᠠᠨᠠᠭᠠᠴᠢᠯᠠᠨ᠎ᠠ᠃      ᠣᠶᠢᠯᠠᠭᠠᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠮᠠᠨ ᠤ ᠣᠷᠣᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠥᠷᠥᠯ ᠵᠦᠢᠯ ᠤᠨ ᠦᠨ᠎ᠡ ᠬᠠᠩᠰᠢ ᠳᠤ ᠤᠷᠢᠳ ᠬᠤᠵᠢᠳ 8 ᠤᠳᠠᠭ᠎ᠠ ᠬᠥᠳᠡᠯᠦᠩᠭᠦᠢ ᠲᠣᠬᠢᠷᠠᠭᠤᠯᠤᠯᠲᠠ ᠬᠢᠵᠡᠢ᠂ ᠲᠣᠰ ᠤᠳᠠᠭ᠎ᠠ ᠶᠢᠨ ᠲᠣᠬᠢᠷᠠᠭᠤᠯᠤᠯᠲᠠ ᠠᠴᠠ ᠡᠮᠦᠨ᠎ᠡ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠠᠭᠴᠠ ᠬᠥᠮᠥᠨ ᠤ ᠲᠤᠰᠠᠭᠠᠷ ᠪᠠᠶᠢᠴᠠᠭᠠᠯᠲᠠ ᠶᠢᠨ ᠦᠨ᠎ᠡ ᠬᠠᠩᠰᠢ ᠨᠢ 19.7 ᠲᠥᠭᠦᠷᠢᠭ ᠪᠠᠶᠢᠵᠤ᠂ ᠬᠤᠯᠢᠯᠳᠤᠭᠤᠯᠤᠨ ᠪᠠᠶᠢᠴᠠᠭᠠᠬᠤ ᠦᠨ᠎ᠡ ᠬᠠᠩᠰᠢ ᠨᠢ ᠬᠥᠮᠥᠨ ᠤᠳᠠᠭ᠎ᠠ ᠪᠦᠷᠢ 3.4 ᠲᠥᠭᠦᠷᠢᠭ ᠪᠠᠶᠢᠭᠰᠠᠨ ᠠᠴᠠ ᠣᠯᠠᠨ ᠲᠦᠮᠡᠨ ᠤ ᠡᠮ ᠡᠮᠨᠡᠯᠭᠡ ᠶᠢᠨ ᠳᠠᠷᠤᠭᠠᠰᠤ ᠶᠢ ᠲᠠᠰᠤᠷᠠᠯᠲᠠ ᠦᠭᠡᠢ ᠬᠥᠩᠭᠡᠷᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号