ᠯᠢᠨᠰᠢ ᠰᠢᠶᠠᠨ ᠢᠳᠡᠭᠡᠨ ᠪᠠ ᠡᠮ ᠤᠨ ᠵᠦᠢᠯ ᠤᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠪᠠ
ᠨᠡᠶᠢᠲᠡᠯᠡᠭᠰᠡᠨ ᠴᠠᠭ᠄
2022/5/5
      ᠨᠢᠭᠡ ᠳᠤ ᠢᠳᠡᠭᠡᠨ ᠪᠠ ᠡᠮ ᠤᠨ ᠵᠦᠢᠯ ᠢ ᠬᠢᠨᠠᠨ ᠬᠠᠮᠢᠶᠠᠷᠬᠤ ᠬᠦᠴᠦᠨ ᠪᠠᠨ ᠲᠡᠭᠦᠯᠳᠡᠷᠵᠢᠭᠦᠯᠪᠡ᠃ ᠪᠥᠬᠦ ᠰᠢᠶᠠᠨ ᠤ 11 ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ 42 ᠬᠢᠨᠠᠨ ᠬᠠᠮᠢᠶᠠᠷᠬᠤ ᠠᠵᠢᠯᠲᠠᠨ ᠲᠣᠬᠢᠷᠠᠭᠤᠯᠵᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠣᠲᠣᠭᠠᠳᠤ ᠳᠤ ᠪᠠᠨ 6 ᠢᠳᠡᠭᠡᠨ ᠪᠠ ᠡᠮ ᠤᠨ ᠵᠦᠢᠯ ᠳᠤ ᠬᠤᠯᠪᠣᠭᠳᠠᠬᠤ ᠲᠠᠰᠤᠭ ᠪᠠᠶᠢᠭᠤᠯᠵᠠᠢ᠃      ᠬᠤᠶᠠᠷ ᠲᠤ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃   ᠨᠡᠶᠢᠲᠡ 3 ᠰᠢᠶᠠᠩ ᠪᠠᠯᠭᠠᠰᠣᠨ ᠳᠤ ᠲᠤᠰᠠᠭᠠᠷ ᠠᠯᠪᠠᠯᠠᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠪᠦᠭᠡᠳ ᠰᠢᠨ᠎ᠡ ᠪᠠᠷ 1 ᠶᠢ ᠨᠡᠮᠡᠵᠦ ᠪᠠᠶᠢᠭᠤᠯᠣᠨ᠃ ᠳᠦᠷᠰᠦ ᠰᠢᠩᠭᠡᠭᠡᠬᠦ ᠮᠠᠰᠢᠨ᠂ ᠬᠠᠤᠯᠢ ᠬᠡᠷᠡᠭᠵᠢᠭᠦᠯᠬᠦ ᠲᠡᠮᠳᠡᠭᠯᠡᠭᠦᠷ ᠵᠡᠷᠭᠡ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢ ᠲᠣᠬᠢᠷᠠᠭᠤᠯᠪᠠ᠃      ᠭᠤᠷᠪᠠ ᠳᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠪᠠ᠃ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠢᠳᠡᠭᠡᠨ ᠪᠠ ᠡᠮ ᠤᠨ ᠵᠦᠢᠯ ᠤᠨ ᠲᠣᠰᠬᠠᠢ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠶᠡᠷᠦᠩᠬᠡᠶᠢᠯᠡᠭᠰᠡᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃      ᠳᠥᠷᠪᠡ ᠳᠤ ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠪᠢ ᠬᠥᠮᠥᠨ ᠳᠤ ᠬᠦᠷᠲᠡᠯ᠎ᠡ ᠰᠢᠳᠬᠡᠬᠦ᠂ ᠠᠵᠢᠯ ᠡᠷᠬᠢᠯᠡᠬᠦ ᠶᠢ ᠴᠠᠭᠠᠵᠠᠯᠠᠬᠤ᠂ ᠬᠦᠨᠳᠦ ᠪᠠᠷ ᠰᠢᠳᠬᠡᠬᠦ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ  ᠨᠠᠶᠢᠳᠠᠪᠣᠷᠢᠵᠢᠭᠤᠯᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号