ᠯᠢᠨᠰᠢ ᠰᠢᠶᠠᠨ ᠣᠷᠣᠰᠢᠭᠤᠯᠭ᠎ᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/5/6
      ᠮᠠᠨ ᠤ ᠰᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠴᠢᠨᠳᠠᠷ ᠤᠨ ᠲᠠᠩᠬᠢᠮ ᠤᠨ ᠲᠦᠷᠦᠯ ᠵᠦᠢᠯ  ᠨᠢ ᠭᠤᠣᠯ ᠴᠣᠭᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠵᠦ᠂  ᠲᠦᠷᠦᠯ ᠵᠦᠢᠯ ᠤᠨ ᠲᠤᠰᠬᠠᠢ ᠪᠡᠯᠡ ᠮᠥᠩᠭᠦ 752 ᠲᠦᠮᠡᠨ ᠲᠥᠭᠦᠷᠢᠭ ᠲᠡᠮᠡᠴᠡᠨ ᠣᠯᠬᠤ ᠪᠠᠷ ᠴᠢᠷᠮᠠᠶᠢᠵᠤ᠂ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠶᠢᠨ ᠬᠠᠮᠲᠤ ᠭᠤᠣᠯ ᠴᠣᠭᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠨ ᠳᠠᠭᠤᠰᠬᠠᠬᠤ ᠪᠠᠷ ᠪᠠᠶᠢᠨ᠎ᠠ᠃ ᠰᠢᠶᠠᠨ ᠤ ᠠᠷᠠᠳ ᠤᠨ ᠶᠠᠪᠤᠳᠠᠯ ᠤᠨ ᠦᠢᠯᠡᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠪᠦᠬᠦ ᠰᠢᠶᠠᠨ ᠤ ᠰᠢᠶᠠᠩ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠪᠤᠩᠬᠤᠨ ᠤ ᠲᠦᠷᠦᠯ ᠵᠦᠢᠯ ᠤᠨ ᠲᠥᠯᠦᠪᠵᠢᠭᠦᠯᠭᠡ ᠶᠢᠨ ᠠᠵᠢᠯ ᠢ ᠥᠷᠨᠢᠭᠦᠯᠵᠦ᠂ 4605 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠭ᠎ᠠ 22 ᠰᠢᠶᠠᠩ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠪᠤᠩᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠡᠷᠡᠭᠯᠡᠬᠦ ᠭᠠᠵᠠᠷ ᠢ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠤᠨ ᠲᠥᠯᠦᠪᠵᠢᠭᠦᠯᠭᠡ ᠳᠤ ᠣᠷᠣᠭᠤᠯᠪᠠ᠃  
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号