ᠸᠠᠩ ᠯᠢ ᠰᠢᠶᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠪᠠᠷ ᠵᠠᠷᠯᠠᠨ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠲᠠᠯᠠᠪᠠᠢ ᠳᠤᠨᠢ ᠱᠠᠯᠠᠪᠳᠠᠭᠤᠯᠤᠨ ᠵᠢᠯᠤᠭᠤᠤᠨᠪᠠ
ᠨᠡᠶᠢᠲᠡᠯᠡᠭᠰᠡᠨ ᠴᠠᠭ᠄
2022/5/7
      5 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠡᠰᠢᠭᠲᠡᠨ ᠬᠤᠰᠢᠭᠤᠨ ᠳᠤ ᠲᠤᠰᠬᠠᠶᠢᠯᠠᠨ ᠬᠦᠷᠴᠦ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠵᠠᠷᠯᠠᠨ ᠮᠡᠳᠡᠭᠳᠡᠭᠰᠡᠨ ᠬᠤᠩᠭᠤ ᠶᠢᠨ ᠲᠠᠪᠠᠭ᠎ᠠ ᠲᠡᠮᠦᠷ ᠤᠨ ᠠᠭᠤᠷᠬᠠᠢ ᠶᠢᠨ ᠣᠷᠣᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠢ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ᠂ ᠠᠮᠢ ᠠᠬᠤᠢ ᠡᠪᠳᠡᠭᠳᠡᠭᠰᠡᠨ ᠠᠰᠠᠭᠤᠳᠠᠯ ᠤᠨ ᠲᠤᠪᠤᠶᠢᠮ᠎ᠠ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠪᠠ᠃ ᠲᠡᠷᠡ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠬᠢᠬᠦ᠂ ᠤᠯᠤᠰ ᠲᠦᠷᠦ ᠶᠢᠨ ᠲᠠᠯ᠎ᠠ ᠠᠴᠠ ᠰᠠᠶᠢᠵᠢᠷᠠᠭᠤᠯᠬᠤ ᠶᠢ ᠪᠠᠷᠢᠮᠳᠠᠯᠠᠵᠤ᠂ ᠭᠦᠨᠵᠡᠭᠡᠢ ᠲᠤᠩᠭᠠᠨ ᠪᠤᠳᠤᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠲᠡᠰ ᠳᠡᠪᠰᠢᠭᠦᠯᠦᠨ ᠰᠢᠢᠳᠪᠦᠷᠢᠯᠡᠵᠦ᠂ ᠪᠠᠷᠢᠮᠵᠢᠶ᠎ᠠ ᠶᠢ ᠳᠡᠭᠡᠭᠰᠢᠯᠡᠭᠦᠯᠦᠨ ᠰᠢᠢᠳᠪᠦᠷᠢᠯᠡᠵᠦ᠂ ᠪᠦᠬᠦ ᠲᠠᠯ᠎ᠠ ᠪᠠᠷ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠪᠦᠬᠦ ᠬᠡᠯᠬᠢᠶ᠎ᠡ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠰᠢᠭᠤᠷᠬᠠᠢ᠂ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃      ᠸᠠᠩ ᠯᠢ ᠰᠢᠶᠠ ᠡᠩ ᠲᠡᠷᠢᠭᠦᠨ ᠳᠤ ᠪᠠᠷᠠᠭᠤᠨ ᠬᠤᠶᠢᠲᠤ ᠶᠢᠨ ᠠᠭᠤᠷᠬᠠᠶ ᠶᠢᠨ  ᠦᠢᠯᠡᠰ ᠤᠨ ᠵᠢᠷᠭᠤᠳᠤᠭᠠᠷ ᠲᠣᠭᠤᠷᠢᠭ ᠤᠨ ᠤᠰᠤ ᠰᠢᠢᠳᠪᠦᠷᠢᠯᠡᠬᠦ ᠥᠷᠲᠡᠭᠡ ᠳᠤ ᠬᠦᠷᠴᠦ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠤᠷ᠎ᠠ ᠮᠡᠷᠭᠡᠵᠢᠯ ᠤᠨ ᠶᠠᠪᠤᠴᠠ᠂ ᠤᠰᠤᠨ ᠤ ᠴᠢᠨᠠᠷ ᠤᠨ ᠬᠤᠪᠢᠷᠠᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠰᠢᠢᠳᠪᠦᠷᠢᠯᠡᠬᠦ ᠲᠥᠬᠦᠭᠡᠷᠦᠮᠵᠢ ᠨᠢᠭᠡᠨᠲᠡ ᠠᠰᠢᠭᠯᠠᠯᠲᠠ ᠳᠤ ᠣᠷᠣᠵᠤ᠂ ᠭᠠᠳᠠᠭᠰᠢᠯᠠᠭᠤᠯᠤᠭᠰᠠᠨ ᠬᠠᠶᠠᠭᠳᠠᠮᠠᠯ ᠤᠰᠤ ᠨᠢᠭᠡᠨᠲᠡ ᠪᠠᠷᠢᠮᠵᠢᠶ᠎ᠠ ᠳᠤ ᠬᠦᠷᠦᠭᠰᠡᠨ ᠢ ᠮᠡᠳᠡᠭᠰᠡᠨ ᠤ ᠳᠠᠷᠠᠭ᠎ᠠ᠂ ᠸᠠᠩ ᠯᠢ ᠰᠢᠶᠠ᠂ ᠶᠠᠭᠠᠬᠢᠭᠠᠳ ᠡᠭᠦᠨ ᠠᠴᠠ ᠡᠮᠦᠨ᠎ᠡ ᠡᠳᠡᠭᠡᠷ ᠠᠵᠢᠯ ᠢ ᠬᠢᠭᠰᠡᠨ ᠦᠭᠡᠢ ᠪᠤᠢ︖ ᠠᠵᠤ ᠠᠬᠤᠶᠢᠯᠠᠯ ᠤᠨ ᠤᠰᠤᠨ ᠤ ᠴᠢᠨᠠᠷ ᠤᠨ ᠬᠢᠨᠠᠨ ᠬᠡᠮᠵᠢᠯᠲᠡ ᠪᠦᠬᠦᠨ ᠢ ᠪᠥᠷᠬᠦᠭᠦᠯᠬᠦ ᠶᠢ ᠪᠡᠶᠡᠯᠡᠭᠦᠯᠦᠭᠰᠡᠨ ᠤᠤ ᠦᠭᠡᠢ ᠤᠤ︖ ᠭᠡᠵᠤ ᠠᠰᠠᠭᠤᠪᠠ᠃ ᠲᠡᠷᠡ᠂ ᠴᠡᠭᠴᠡᠯᠡᠨ ᠰᠠᠶᠢᠵᠢᠷᠠᠭᠤᠯᠬᠤ ᠳᠤ ᠶᠠᠭᠠᠬᠢᠭᠰᠠᠨ ᠴᠤ ᠬᠡᠯᠪᠡᠷᠢ ᠶᠢᠨ ᠲᠡᠳᠦᠢ ᠪᠠᠶᠢᠵᠤ ᠪᠣᠯᠬᠤ ᠦᠭᠡᠢ᠂ ᠦᠡᠭᠭᠡᠨ ᠲᠠᠯ᠎ᠠ ᠶᠢᠨ ᠠᠵᠢᠯ ᠬᠢᠵᠦ ᠪᠣᠯᠬᠤ ᠦᠭᠡᠢ᠂ ᠡᠷᠬᠡᠪᠰᠢ ᠦᠨᠡᠨ ᠬᠦ ᠴᠡᠭᠴᠡᠯᠡᠨ ᠰᠠᠶᠢᠵᠢᠷᠠᠭᠤᠯᠵᠤ᠂ ᠲᠤᠭᠤᠰᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠠᠳᠠᠭᠰᠢᠯᠠᠭᠤᠯᠤᠭᠰᠠᠨ ᠪᠣᠬᠢᠷ ᠤᠰᠤ ᠬᠠᠶᠠᠭᠳᠠᠮᠠᠯ ᠤᠰᠤ ᠶᠢ ᠴᠠᠭ ᠲᠤᠬᠠᠶ ᠳᠤᠨᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠵᠦ᠂ ᠪᠦᠲᠦᠮᠵᠢᠲᠡᠶ ᠴᠡᠪᠡᠷᠰᠢᠭᠦᠯᠦᠨ ᠰᠢᠶ᠋ᠳᠪᠦᠷᠢᠯᠡᠵᠦ᠂ ᠠᠳᠠᠯᠢ ᠲᠥᠷᠥᠯ ᠤᠨ ᠠᠰᠠᠭᠤᠳᠠᠯ ᠳᠠᠭᠢᠵᠤ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠪᠠᠷᠠᠭᠤᠨ ᠬᠤᠶᠢᠲᠤ ᠶᠢᠨ ᠠᠭᠤᠷᠬᠠᠶ ᠶᠢᠨ ᠦᠢᠯᠡᠰ ᠤᠨ ᠳᠣᠯᠣᠳᠤᠭᠠᠷ ᠲᠣᠭᠤᠷᠢᠭ ᠲᠤ᠂ ᠸᠠᠩ ᠯᠢ ᠰᠢᠶᠠ ᠬᠠᠶᠠᠭᠳᠠᠮᠠᠯ ᠴᠢᠯᠠᠭᠤ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠶ ᠶᠢᠨ ᠲᠠᠯᠠᠪᠠᠶ ᠳᠤᠨᠢ ᠪᠠᠶᠢᠴᠠᠭᠠᠪᠠ᠃ ᠬᠠᠶᠠᠭᠳᠠᠮᠠᠯ ᠴᠢᠯᠠᠭᠤ ᠶᠢ ᠴᠡᠪᠡᠷᠯᠡᠨ ᠲᠡᠭᠡᠭᠡᠪᠦᠷᠢᠯᠡᠵᠦ ᠳᠠᠭᠤᠰᠤᠭᠠᠳ ᠲᠤᠬᠠᠢ ᠶᠢᠨ ᠲᠠᠯᠠᠪᠠᠢ ᠳᠤ ᠴᠢᠬᠢ ᠮᠣᠳᠣ ᠲᠠᠷᠢᠭᠰᠠᠨ ᠢ ᠦᠵᠡᠭᠡᠳ ᠲᠡᠷᠡ᠂ ᠬᠥᠷᠥᠰᠥᠨ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠭᠦᠢᠴᠡᠳ ᠡᠰᠡᠬᠦ︖ ᠴᠢᠬᠢ ᠮᠣᠳᠣ ᠤᠷᠭᠤᠵᠤ ᠳᠡᠶᠢᠯᠬᠦ ᠡᠰᠡᠬᠦ︖ ᠣᠢ ᠰᠢᠭᠤᠶ ᠶᠢᠨ ᠴᠡᠴᠡᠷᠯᠢᠭ ᠲᠤ ᠪᠠᠰᠠ ᠪᠤᠰᠤᠳ ᠴᠢᠯᠠᠭᠤ ᠣᠪᠣᠭᠠᠯᠠᠳᠠᠭ ᠲᠠᠯᠠᠪᠠᠢ ᠪᠠᠶᠢᠬᠤ ᠡᠰᠡᠬᠦ ᠶᠢ ᠠᠰᠠᠭᠤᠪᠠ᠃ ᠸᠠᠩ ᠯᠢ ᠰᠢᠶᠠ᠂ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠨᠣᠭᠤᠭᠠᠷᠠᠭᠤᠯᠤᠯᠲᠠ ᠶᠢᠨ ᠮᠣᠳᠣ ᠡᠪᠡᠰᠦᠨ ᠤ ᠡᠭᠦᠯᠳᠡᠷ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠢᠮᠳᠠ ᠪᠥᠭᠡᠳ ᠵᠦᠢ ᠵᠣᠬᠢᠰᠲᠠᠢ ᠠᠮᠢᠳᠤ ᠪᠣᠳᠠᠰ ᠪᠣᠯᠤᠨ ᠢᠨᠵᠧᠨᠧᠷᠢᠩ ᠤᠨ ᠠᠷᠭ᠎ᠠ ᠬᠡᠮᠵᠢᠶ᠎ᠡ ᠪᠠᠷ ᠶᠡᠷᠦᠩᠬᠡᠶᠢᠯᠡᠨ ᠵᠠᠰᠠᠵᠤ᠂ ᠣᠶᠢᠲᠤ ᠭᠠᠵᠠᠷ ᠤᠨ ᠠᠮᠢ ᠠᠬᠤᠢ ᠶᠢᠨ ᠴᠢᠳᠠᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠬᠤᠩᠭᠤ ᠶᠢᠨ ᠲᠠᠪᠠᠭ᠎ᠠ ᠠᠭᠤᠷᠬᠠᠢ ᠶᠢᠨ ᠦᠢᠯᠡᠰ ᠤᠨ ᠵᠠᠳᠠᠭᠠᠢ ᠨᠠᠭᠦᠷᠡᠰᠦ ᠮᠠᠯᠲᠠᠬᠤ ᠲᠠᠯᠠᠪᠠᠢ ᠠᠮᠢ ᠠᠬᠤᠢ ᠶᠢ ᠵᠠᠰᠠᠨ ᠰᠡᠷᠭᠦᠭᠡᠭᠰᠡᠨ ᠢᠶᠠᠷ ᠬᠦᠷᠦᠯᠴᠡᠬᠦ ᠦᠭᠡᠢ ᠪᠠᠶᠢᠨ᠎ᠠ ᠭᠡᠵᠦ ᠵᠢᠭᠠᠵᠤ ᠭᠠᠷᠭᠠᠪᠠ᠂ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠦᠷᠴᠦ᠂ ᠵᠠᠳᠠᠭᠠᠢ ᠠᠭᠤᠷᠬᠠᠢ ᠶᠢᠨ ᠲᠤᠮᠤ ᠨᠦᠬᠡ ᠶᠢ ᠬᠠᠷᠠᠭᠠᠳ᠂ ᠴᠡᠭᠴᠡᠯᠡᠨ ᠰᠠᠶᠢᠵᠢᠷᠠᠭᠤᠯᠬᠤ ᠣᠪᠣᠷ ᠢᠶᠠᠨ ᠡᠷᠡᠰ ᠰᠢᠭᠤᠷᠬᠠᠢ ᠪᠠᠶᠢᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠲᠡᠷᠡ ᠬᠡᠪ ᠢᠶᠠᠷ ᠨᠢ ᠬᠢᠬᠦ ᠬᠡᠷᠡᠭᠲᠡᠢ᠃ ᠠᠭᠤᠷᠬᠠᠶ ᠶᠢᠨ ᠣᠷᠣᠨ ᠤ ᠨᠣᠭᠤᠭᠠᠷᠠᠭᠤᠯᠤᠯᠲᠠ ᠶᠢ ᠰᠡᠷᠭᠦᠭᠡᠬᠦ ᠳᠤ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠤᠨᠤᠪᠴᠢᠲᠠᠢ ᠵᠠᠰᠠᠯᠲᠠ ᠬᠢᠵᠦ᠂ ᠣᠶᠢᠵᠢᠭᠤᠯᠬᠤ ᠳᠤ ᠳᠣᠭᠢᠷᠠᠪᠠᠯ ᠣᠶᠢᠵᠢᠭᠤᠯᠵᠤ᠂ ᠡᠪᠡᠰᠦ ᠳᠠᠷᠢᠬᠤ ᠳᠤ ᠳᠣᠭᠢᠷᠠᠪᠠᠯ ᠡᠪᠡᠰᠦ ᠳᠠᠷᠢᠵᠤ᠂ ᠪᠦᠭᠯᠡᠵᠦ ᠬᠠᠶᠠᠭᠠᠳ ᠯᠡ ᠪᠠᠷᠠᠭᠠᠴᠢᠬᠠᠬᠤ ᠴᠢᠨᠠᠭᠰᠢᠯᠠᠪᠠᠯ ᠰᠢᠨ᠎ᠡ ᠨᠦᠬᠡ ᠮᠠᠯᠲᠠᠵᠤ ᠬᠠᠭᠤᠴᠢᠨ ᠨᠦᠬᠡ ᠶᠢ ᠪᠥᠭᠯᠡᠵᠦ ᠶᠠᠭᠠᠬᠢᠭᠰᠠᠨ ᠴᠤ ᠪᠣᠯᠬᠤ ᠥᠬᠡᠶ᠂ ᠠᠮᠢ ᠠᠬᠤᠶ ᠶᠢ ᠲᠠᠬᠢᠨᠲᠠ ᠡᠪᠳᠡᠬᠦ ᠠᠵᠢᠯᠯᠠᠭ᠎ᠠ ᠶᠢ ᠶᠠᠭᠠᠬᠢᠭᠰᠠᠨ ᠴᠤ ᠬᠢᠵᠦ ᠪᠤᠯᠬᠤ ᠥᠬᠡᠶ ᠭᠡᠵᠦ ᠲᠥᠪ ᠴᠢᠩᠭ᠎ᠠ ᠪᠠᠷ ᠵᠢᠭᠠᠵᠤ ᠭᠠᠷᠭᠠᠪᠠ᠃      ᠳᠠᠷᠠᠭ᠎ᠠ ᠨᠢ᠂ ᠸᠠᠩ ᠯᠢ ᠰᠢᠶᠠ ᠬᠤᠩᠭᠤ ᠶᠢᠨ ᠲᠠᠪᠠᠭ᠎ᠠ ᠠᠭᠤᠷᠬᠠᠶ ᠶᠢᠨ ᠦᠢᠯᠡᠰ ᠤᠨ ᠰᠤᠳᠤᠯᠤᠨ ᠨᠡᠭᠡᠭᠡᠬᠦ ᠲᠥᠪ ᠲᠤ ᠬᠦᠷᠴᠦ᠂ ᠠᠭᠤᠷᠬᠠᠶ ᠶᠢᠨ ᠣᠷᠣᠨ ᠤ ᠲᠡᠦᠬᠡ ᠶᠢᠨ ᠬᠤᠪᠢᠷᠠᠯᠲᠠ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠭᠤᠷᠬᠠᠶ ᠶᠢᠨ ᠠᠵᠤ ᠠᠬᠤᠶᠢᠯᠠᠯ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ ᠨᠡᠭᠡᠭᠡᠨ ᠮᠠᠯᠲᠠᠬᠤ ᠶᠢᠨ ᠳᠠᠭᠠᠤ ᠵᠠᠰᠠᠵᠤ᠂ ᠰᠡᠷᠭᠦᠭᠡᠬᠦ ᠶᠢ ᠪᠡᠶᠡᠯᠡᠭᠦᠯᠵᠦ᠂ ᠠᠭᠤᠷᠬᠠᠶ ᠶᠢᠨ ᠭᠠᠷᠤᠯᠲᠠ ᠶᠢ ᠨᠡᠭᠡᠭᠡᠨ ᠬᠥᠭᠵᠢᠭᠦᠯᠬᠦ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠬᠠᠷᠢᠯᠴᠠᠨ ᠵᠣᠬᠢᠴᠠᠯᠳᠤᠵᠤ᠂ ᠬᠠᠷᠢᠯᠴᠠᠨ ᠲᠤᠬᠢᠷᠠᠯᠴᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠤᠯᠠᠭᠠᠨᠬᠠᠳᠠ ᠬᠤᠲᠠ ᠶᠢᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号