ᠴᠢ᠊ ᠪᠠᠲᠤ ᠬᠥᠬᠡᠬᠤᠲᠠ ᠳᠤ ᠭᠦᠨᠵᠡᠭᠡᠶᠢᠷᠡᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2022/5/9
      5 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠤᠷᠢᠳ ᠬᠤᠵᠢᠳ ᠬᠥᠬᠡᠬᠤᠲᠠ ᠶᠢᠨ ᠶᠢᠨ ᠾᠧ ᠰᠢ ᠶᠠᠩ ᠬᠤᠩ ᠴᠡᠩᠭᠡᠯ ᠤᠨ ᠬᠦᠷᠢᠶᠡᠯᠡᠩ ᠪᠠ ᠮᠧᠢ ᠲᠦᠩ ᠵᠠᠬ᠎ᠠ ᠳᠡᠯᠭᠡᠭᠦᠷ ᠲᠤ ᠭᠦᠨᠵᠡᠭᠡᠶᠢᠷᠡᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠦᠢᠳᠡᠨ ᠬᠡᠯᠬᠢᠶᠡᠵᠢᠯ ᠤᠨ ᠢᠳᠡᠭᠡᠨ ᠪᠠ ᠭᠠᠳᠠᠭᠠᠳᠤ ᠠᠴᠠ ᠣᠷᠣᠭᠤᠯᠤᠭᠰᠠᠨ ᠵᠢᠮᠢᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃      ᠲᠡᠷᠡ᠂ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠳᠠᠯ ᠳᠤ ᠣᠷᠣᠰᠢᠵᠤ᠂ ᠸᠢᠷᠦ᠋ᠰ ᠮᠥᠨ ᠬᠦ ᠲᠠᠰᠤᠷᠠᠯᠲᠠ ᠥᠬᠡᠶ ᠬᠤᠪᠢᠰᠴᠦ᠂ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ 5 ᠰᠠᠷ᠎ᠠ ᠶᠢᠨ 5 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠲᠤᠰᠬᠠᠶᠢᠯᠠᠨ ᠡᠷᠬᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ ᠪᠣᠳᠠᠲᠠᠢ ᠠᠳᠬᠤᠬᠤ ᠲᠤᠬᠠᠢ ᠰᠤᠳᠤᠯᠤᠨ ᠪᠠᠶᠢᠷᠢᠯᠠᠭᠤᠯᠪᠠ᠃      ᠣᠯᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ︽ᠬᠢᠵᠢᠭ ᠤᠨ ᠪᠠᠶᠢᠳᠠᠯ ᠢ ᠳᠠᠷᠤᠢ ᠲᠦᠷᠭᠡᠨ ᠦᠭᠡᠢ ᠪᠤᠯᠭᠠᠬᠤ︾ ᠶᠡᠷᠦᠩᠬᠡᠢ ᠴᠢᠭᠯᠡᠯᠲᠡ ᠶᠢᠨ ᠢᠮᠠᠭᠲᠠ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠡᠯᠡ ᠵᠦᠶ᠋ᠯ ᠤᠨ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭ ᠨᠠᠶᠢᠳᠠᠪᠤᠷᠢᠵᠢᠭᠤᠯᠤᠨ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠳᠠᠯᠠᠵᠤ᠂ ᠦᠵᠡᠯ ᠰᠠᠨᠠᠭᠠᠨ ᠤ ᠲᠠᠯ᠎ᠠ ᠪᠠᠷ ᠨᠡᠩ ᠰᠣᠨᠣᠷ ᠰᠡᠷᠡᠮᠵᠢ ᠲᠠᠢ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠨᠡᠩ ᠣᠨᠣᠴᠠᠲᠠᠢ᠂ ᠱᠠᠭᠠᠷᠳᠠᠯᠭ᠎ᠠ ᠶᠢᠨ ᠲᠠᠯ᠎ᠠ ᠪᠠᠷ ᠨᠡᠩ ᠴᠢᠩᠭ᠎ᠠ ᠪᠠᠶᠢᠬᠤ ᠶᠢ ᠪᠡᠶᠡᠯᠡᠭᠦᠯᠵᠦ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠰᠤᠯᠠᠷᠠᠬᠤ ᠰᠡᠳᠭᠢᠯᠭᠡ ᠶᠢ ᠡᠷᠡᠰ ᠬᠤᠷᠢᠭᠯᠠᠬᠤ ᠬᠡᠷᠡᠭᠲᠡᠢ᠃ ᠨᠠᠰᠤᠵᠢᠯ ᠤᠨ ᠪᠠᠶᠢᠭᠤᠯᠤᠮᠵᠢ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠰᠠᠶᠢᠲᠤᠷ ᠬᠢᠵᠦ᠂ ᠪᠥᠭᠡᠮ ᠬᠦᠴᠢᠯ ᠤᠨ ᠪᠠᠶᠢᠴᠠᠭᠠᠯᠲᠠ ᠶᠢ ᠴᠢᠩᠭᠠᠳᠬᠠᠨ᠂ ᠸᠠᠺᠼᠢᠨ ᠤ ᠲᠠᠷᠢᠯᠭ᠎ᠠ ᠬᠢᠬᠦ ᠶᠢ ᠳᠡᠭᠡᠭᠰᠢᠯᠡᠭᠦᠯᠵᠦ᠂ ᠠᠮᠢᠳᠤᠷᠠᠯ ᠡᠮᠴᠢᠯᠡᠭᠡᠨ ᠤ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠨ᠂ ᠰᠡᠳᠭᠢᠴᠡ ᠶᠢᠨ ᠵᠢᠯᠣᠭᠤᠳᠣᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠠᠵᠢᠯ ᠢ ᠳᠣᠪᠤᠶᠢᠮ᠎ᠠ ᠰᠠᠶᠢᠲᠤᠷ ᠠᠳᠬᠤᠵᠤ᠂  ᠬᠦᠢᠲᠡᠨ ᠬᠡᠯᠬᠢᠶᠡᠵᠢᠯ ᠤᠨ ᠢᠳᠡᠭᠡᠨ ᠪᠠ ᠭᠠᠳᠠᠭᠠᠳᠤ ᠠᠴᠠ ᠣᠷᠣᠭᠤᠯᠤᠭᠰᠠᠨ ᠵᠢᠮᠢᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠳ᠋ ᠪᠠᠷᠠᠭ᠎ᠠ ᠶᠢ ᠰᠢᠯᠭᠠᠨ ᠪᠠᠶᠢᠴᠠᠭᠠᠬᠤ ᠬᠢᠵᠢᠭ ᠢ ᠪᠠᠶᠢᠴᠠᠭᠠᠬᠤ ᠭᠡᠷᠡᠴᠢ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠮᠡᠳᠡᠭᠦᠯᠦᠯᠲᠡ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠭᠰᠠᠨ ᠭᠡᠷᠡᠴᠢ ᠶᠢ ᠴᠢᠩᠭ᠎ᠠ ᠪᠠᠶᠢᠴᠠᠭᠠᠨ ᠰᠢᠯᠭᠠᠵᠤ᠂ ᠦᠨᠡᠨ ᠨᠡᠷ᠎ᠡ ᠪᠠᠷ ᠳᠠᠩᠰᠠᠯᠠᠬᠤ᠂ ᠪᠣᠷᠣᠯᠠᠭᠤᠯᠭ᠎ᠠ ᠶᠢᠨ ᠡᠬᠡ ᠲᠠᠩᠰᠠ᠂ ᠭᠡᠷᠡᠴᠢ ᠪᠠᠷᠢᠮᠳᠠ ᠠᠪᠬᠤ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠡᠵᠡᠮᠳᠡᠬᠦ ᠶᠢ ᠪᠠᠷᠢᠮᠲᠠᠯᠠᠵᠤ᠂ ᠪᠥᠬᠦ ᠬᠡᠯᠬᠢᠶ᠎ᠡ᠂ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠨ ᠣᠷᠣᠵᠤ ᠢᠷᠡᠬᠦ ᠪᠠ ᠬᠠᠯᠳᠠᠪᠤᠷᠢᠯᠠᠬᠤ ᠵᠠᠮ ᠢ ᠦᠨᠡᠨ ᠬᠦ ᠲᠠᠰᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠵᠡᠷᠭᠡ ᠪᠠᠷ᠂ ᠰᠠᠨᠠᠭᠠᠴᠢᠯᠠᠭ᠎ᠠ ᠠᠴᠠ ᠪᠠᠨ ᠡᠯ᠎ᠡ ᠲᠦᠷᠦᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠣᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号