ᠯᠢᠨᠰᠢ ᠰᠢᠶᠠᠨ ᠤ ᠬᠢᠨ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/5/9
      ᠨᠢᠭᠡ ᠳᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠴᠡᠭᠴᠡᠯᠡᠨ ᠵᠠᠰᠠᠬᠤ ᠲᠠᠯ᠎ᠠ ᠪᠠᠷ᠂ ᠪᠥᠬᠦ ᠰᠢᠶᠠᠨ ᠤ ᠰᠢᠨᠵᠢᠯᠡᠭᠡᠨ ᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ 31 ᠪᠠᠶᠢᠭᠤᠯᠤᠮᠵᠢ  ᠶᠢ ᠪᠦᠬᠦᠨ ᠢ ᠠᠰᠢᠭ ᠬᠤᠨᠵᠢᠪᠤᠷᠢ ᠶᠢᠨ ᠪᠤᠰᠤ ᠪᠠᠶᠢᠭᠤᠯᠤᠮᠵᠢ ᠪᠣᠯᠭᠠᠨ ᠬᠤᠪᠢᠷᠠᠭᠤᠯᠵᠤ᠂ ︽ ᠪᠦᠬᠦᠨ ᠢ ᠦᠭᠡᠶᠢᠰᠭᠡᠬᠦ︾ ᠶᠢ ᠪᠡᠶᠡᠯᠡᠭᠦᠯᠪᠡ᠃      ᠬᠤᠶᠠᠷ ᠲᠤ᠂ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠬᠦ ᠲᠠᠯ᠎ᠠ ᠪᠠᠷ᠂ ᠪᠥᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠳᠠᠰᠬᠠᠯ ᠢ ᠵᠠᠷᠯᠠᠨ ᠨᠡᠶᠢᠲᠡᠯᠡᠬᠦ᠂ ᠳᠠᠰᠬᠠᠯ ᠤᠨ ᠬᠠᠮᠢᠶᠠᠷᠤᠯᠲᠠ᠂ ᠳᠠᠰᠬᠠᠯ ᠤᠨ ᠴᠠᠭ ᠤᠨ ᠪᠠᠷᠢᠮᠵᠢᠶ᠎ᠠ ᠨᠢ 100% ᠳᠤ ᠬᠦᠷᠴᠦ᠂  ᠠᠳᠠᠯᠢᠬᠠᠨ ᠡᠬᠢᠯᠡᠯᠲᠡ ᠶᠢᠨ ᠴᠡᠭ ᠠᠴᠠ ᠵᠢᠭᠠᠨ ᠰᠣᠷᠭᠠᠬᠤ ᠶᠢ ᠪᠡᠶᠡᠯᠡᠭᠦᠯᠦᠭᠰᠡᠨ ᠪᠠᠭ᠎ᠠ ᠰᠤᠷᠭᠠᠭᠤᠯᠢ 16 ᠪᠠᠶᠢᠵᠤ᠂ 100% ᠳᠤ ᠬᠦᠷᠦᠪᠡ᠃      ᠭᠤᠷᠪᠠ ᠳᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠠᠯ᠎ᠠ ᠪᠠᠷ᠂ ᠪᠥᠬᠦ ᠰᠢᠶᠠᠨ ᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ 19 ᠪᠠᠶᠢᠵᠤ᠂ ᠪᠦᠷᠬᠦᠴᠡ ᠶᠢᠨ ᠨᠣᠷᠮ᠎ᠠ ᠨᠢ 100%᠂ ᠰᠣᠷᠣᠭᠴᠢ ᠶᠢᠨ ᠣᠷᠣᠯᠴᠠᠭᠰᠠᠨ ᠨᠣᠷᠮ᠎ᠠ ᠨᠢ 99.19% ᠬᠦᠷᠴᠡᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号