ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠣᠷᠣᠯᠴᠠᠬᠤ ᠭᠤᠣᠯ ᠳᠤᠭᠤᠶᠢᠯᠠᠩ 2022 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/6/1
      5 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠣᠷᠣᠯᠴᠠᠬᠤ ᠭᠤᠣᠯ ᠳᠤᠭᠤᠶᠢᠯᠠᠩ 2022 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠬᠤ ᠰᠠᠨᠠᠯ ᠢᠶᠠᠨ ᠰᠣᠯᠢᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ      ᠬᠤᠷᠠᠯ ᠳᠡᠭᠡᠷ᠎ᠡ᠂ ᠣᠯᠠᠨ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠤᠨ ᠲᠤᠰᠬᠠᠢ ᠰᠡᠳᠦᠪᠲᠦ ᠸᠢᠳᠢᠣ᠋ ᠲᠠᠶᠢᠯᠤᠮᠵᠢ ᠶᠢ ᠰᠣᠨᠢᠷᠬᠠᠪᠠ᠃ ᠬᠤᠸᠠᠩ ᡁᠢ ᠴᠢᠶᠠᠩ᠂ ᠵᠠᠩ ᠱᠣᠣ ᠴᠦᠨ᠂ ᠠᠢ ᠯᠢ ᠬᠤᠸᠠ᠂ ᠯᠢ ᠪᠢᠩ ᠷᠥᠩ᠂ ᠾᠧᠩ ᠰᠢᠶᠣᠣ ᠹᠠᠨ᠂ ᠴᠢ᠊ ᠪᠠᠲᠤ᠂ ᠪᠣᠣ ᠰᠢᠶᠠᠨ ᠬᠤᠸᠠ᠂ ᠵᠧᠩ ᠳ᠋ᠦᠩ ᠪᠥᠸᠧ ᠲᠣᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      ᠬᠤᠷᠠᠯ ᠠᠴᠠ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠢ ᠴᠢᠩᠭᠠᠳᠬᠠᠬᠤ ᠪᠣᠯ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠯᠤᠰ ᠬᠡᠳᠦ ᠶᠢᠨ ᠠᠷᠭ᠎ᠠ ᠬᠡᠮᠵᠢᠶ᠎ᠡ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠬᠦ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠥᠨᠳᠥᠷᠴᠡ ᠳᠤ ᠢᠮᠠᠭᠲᠠ ᠵᠣᠭᠰᠣᠵᠤ᠂ ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠤᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠳᠤ ᠢᠮᠠᠭᠲᠠ ᠵᠣᠭᠰᠣᠵᠤ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠥᠨᠳᠥᠷ ᠱᠠᠭᠠᠷᠳᠠᠯᠭ᠎ᠠ ᠪᠠᠷ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠪᠥᠬᠦ ᠠᠷᠠᠳ ᠪᠥᠬᠦ ᠣᠷᠣᠨ ᠪᠦᠰᠡ ᠶᠢ ᠬᠠᠮᠤᠷᠴᠤ᠂ ᠭᠤᠣᠯᠳᠠᠯᠭ᠎ᠠ ᠲᠠᠢ ᠡᠲᠡᠭᠡᠳ ᠢ ᠳᠣᠪᠤᠶᠢᠯᠭᠠᠨ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠠᠴᠢᠶᠠᠯᠠᠪᠤᠷᠢ ᠶᠢ ᠪᠠᠶᠠᠯᠢᠭᠵᠢᠭᠤᠯᠤᠨ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠥᠬᠦ ᠲᠠᠯ᠎ᠠ ᠶᠢᠨ ᠥᠨᠳᠥᠷᠴᠡ ᠳᠤ ᠢᠮᠠᠭᠲᠠ ᠵᠣᠭᠰᠣᠵᠤ᠂ ᠨᠡᠩ ᠴᠢᠩᠭ᠎ᠠ ᠡᠭᠦᠷᠭᠡᠯᠡᠯ᠂ ᠨᠡᠩ ᠪᠣᠳᠠᠲᠠᠢ ᠰᠤᠷᠲᠠᠯ ᠢᠶᠠᠷ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠴᠢᠩᠭᠠᠷᠠᠭᠤᠯᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠤᠨ ᠠᠵᠢᠯ ᠢ ᠨᠠᠷᠢᠯᠢᠭ ᠠᠴᠠ ᠨᠠᠷᠢᠯᠢᠭ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号