ᠬᠤᠸᠠᠩ ᡁᠢ ᠴᠢᠶᠠᠩ ᠤᠯᠠᠭᠠᠨᠴᠠᠪ ᠬᠤᠲᠠ ᠪᠣᠯᠤᠨ ᠬᠥᠬᠡᠬᠤᠲᠠ ᠳᠤ ᠠᠵᠤ ᠠᠬᠤᠶ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/13
      6 ᠰᠠᠷ᠎ᠠ ᠶᠢᠨ 7 ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠯᠠᠭᠠᠨᠴᠠᠪ ᠬᠤᠳᠠ ᠪᠣᠯᠤᠨ ᠬᠥᠬᠡᠬᠤᠲᠠ ᠳᠤ ᠠᠵᠤ ᠠᠬᠤᠢ ᠶᠢ ᠲᠣᠭᠲᠠᠭᠤᠨ ᠪᠠᠶᠢᠯᠭᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃      ︽ᠭᠠᠶᠢᠯᠢ ᠶᠢ ᠪᠤᠴᠠᠭᠠᠭᠰᠠᠨ ᠪᠠᠯᠠ ᠮᠥᠩᠭᠦ ᠪᠠᠨ ᠣᠯᠤᠭᠰᠠᠨ ᠦᠦ︖︾᠂ ︽ᠦᠢᠯᠡᠳᠬᠦᠨ ᠢᠶᠠᠨ ᠭᠠᠳᠠᠭᠰᠢ ᠪᠣᠷᠣᠯᠠᠭᠤᠯᠬᠤ ᠳᠤ ᠪᠠᠰᠠ ᠶᠠᠮᠠᠷ ᠬᠦᠴᠢᠷᠳᠡᠯ ᠪᠠᠶᠢᠬᠤ ᠪᠤᠢ︖︾ ᠬᠤᠸᠠᠩ ᡁᠢ ᠴᠢᠶᠠᠩ ᠹᠧᠩᠵᠧᠨ ᠬᠤᠳᠠ ᠶᠢᠨ ᠹᠧᠩ ᠴᠤᠸᠠᠨ ᠠᠵᠤ ᠦᠢᠯᠡᠰ ᠤᠨ ᠬᠦᠷᠢᠶᠡᠯᠡᠩ ᠪᠣᠯᠤᠨ ᠵᠶᠢ ᠲᠢᠶᠧ ᠲᠡᠮᠦᠷ ᠤᠨ ᠬᠠᠶᠢᠯᠤᠰᠢ᠂ ᠯᠢᠦᠢ ᠺᠠᠩ ᠶᠤᠸᠠᠨ ᠠᠮᠢ ᠠᠬᠤᠢ ᠶᠢᠨ ᠲᠠᠷᠢᠶᠠᠯᠠᠩ᠂ ᠬᠠᠢ ᠫᠧᠩ ᠶᠧᠪᠡᠩ ᠤᠨ ᠺᠤᠮᠫᠠᠨᠢ ᠵᠡᠷᠭᠡ ᠠᠵᠤ ᠠᠬᠤᠶᠢᠯᠠᠯ ᠢᠶᠠᠷ ᠲᠣᠭᠤᠷᠢᠨ ᠦᠵᠡᠬᠦ ᠳᠡᠭᠡᠨ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠢ ᠨᠠᠷᠢᠯᠢᠬ ᠠᠰᠠᠭᠤᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠢ ᠠᠵᠤ ᠠᠬᠤᠶᠢᠯᠠᠯ ᠢ ᠬᠠᠪᠰᠤᠷᠤᠨ ᠲᠦᠭᠵᠢᠷᠡᠯ ᠢ ᠨᠢ ᠰᠢᠯᠤᠭᠤᠳᠬᠠᠨ ᠬᠦᠴᠢᠷᠳᠡᠯ ᠢ ᠨᠢ ᠰᠢᠢᠳᠪᠦᠷᠢᠯᠡᠵᠦ᠂ ᠲᠡᠭᠡᠷ᠎ᠠ ᠬᠠᠭᠠᠰ ᠵᠢᠯ ᠳᠤ ᠤᠨ ᠤ ᠬᠠᠷᠠᠯᠲᠠ ᠡᠭᠦᠷᠭᠡ ᠶᠢᠨ ᠢᠶᠠᠨ ᠬᠠᠭᠠᠰ ᠠᠴᠠ ᠲᠡᠭᠡᠭᠰᠢᠬᠢ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢ ᠱᠠᠯᠠᠪᠳᠠᠭᠤᠯᠤᠨ ᠱᠠᠭᠠᠷᠳᠠᠪᠠ᠃      ᠬᠥᠬᠡᠬᠤᠲᠠ ᠶᠢᠨ ᠬᠤᠸᠠ ᠶᠣᠣ ᠨᠠᠷᠠᠨ ᠤ ᠬᠡᠷᠡᠯ ᠢᠶᠠᠷ ᠴᠠᠬᠢᠯᠭᠠᠨ ᠭᠠᠷᠭᠠᠬᠤ᠂ ᠲᠠᠯ᠎ᠠ ᠨᠤᠲᠤᠭ ᠤᠨ ᠤᠯᠠᠭᠠᠨ ᠨᠠᠷᠠ᠂ ᠡᠷᠳᠡᠨᠢ ᠢᠳᠡᠭᠡᠨ ᠤᠮᠳᠠᠭᠠᠨ ᠪᠠ ᠳ᠋ᠢ ᡁᠢ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠵᠤ ᠠᠬᠤᠶᠢᠯᠠᠯ ᠳᠤ ᠬᠤᠸᠠᠩ ᡁᠢ ᠴᠢᠶᠠᠩ ᠲᠤᠬᠠᠶ ᠶᠢᠨ ᠲᠠᠯᠠᠪᠠᠶ ᠳᠤ ᠠᠵᠢᠯᠯᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠤᠳᠤᠯᠤᠨ  ᠰᠢᠢᠳᠪᠦᠷᠢᠯᠡᠪᠡ᠃ ᠲᠡᠷᠡ᠂ ᠤᠯᠠᠨ ᠢᠶᠠᠷ ᠢᠶᠠᠨ ᠥᠷᠯᠥᠭᠡ ᠦᠳᠡᠰᠢ ᠶᠢ ᠲᠡᠮᠡᠴᠡᠬᠦ ᠲᠤᠯᠭᠠᠮ ᠪᠤᠳᠤᠯ ᠢᠶᠠᠷ᠂ ᠠᠵᠤ ᠠᠬᠤᠢ ᠶᠢ ᠳᠤᠬᠳᠠᠭᠤᠨ ᠪᠠᠶᠢᠯᠭᠠᠬᠤ ᠲᠦᠷᠦ ᠶᠢᠨ ᠪᠤᠳᠤᠯᠭ᠋᠎ᠠ ᠶᠢ ᠤᠨᠤᠴᠠᠳᠠᠢ ᠭᠡᠷᠡᠭᠵᠢᠬᠦᠯᠵᠤ᠂ ᠰᠢᠭᠤᠳ ᠬᠦᠷᠭᠡᠵᠦ ᠲᠦᠷᠭᠡᠨ ᠡᠳ᠋ᠯᠡᠬᠦ ᠶᠢ ᠲᠦᠷᠭᠡᠳᠭᠡᠨ ᠠᠬᠢᠭᠤᠯᠵᠤ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠡᠷᠲᠡᠬᠡᠨ ᠠᠰᠢᠭ ᠬᠦᠷᠲᠡᠭᠡᠵᠦ᠂ ᠬᠦᠴᠢᠷᠳᠡᠯ ᠢ ᠨᠢ ᠦᠨᠡᠨ ᠬᠦ ᠰᠢᠢᠳᠪᠤᠷᠢᠯᠡᠬᠦ ᠬᠡᠷᠡᠭᠲᠡᠢ ᠭᠡᠵᠤ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号