ᠸᠠᠩ ᠯᠢ ᠰᠢᠶᠠ ᠤᠯᠠᠭᠠᠨᠬᠠᠳᠠ ᠬᠤᠲᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠳᠤ ᠳᠠᠬᠢᠨ ᠲᠣᠬᠢᠷᠠᠭᠤᠯᠤᠯᠲᠠ ᠬᠢᠪᠠ
ᠨᠡᠶᠢᠲᠡᠯᠡᠭᠰᠡᠨ ᠴᠠᠭ᠄
2022/6/13
      6 ᠰᠠᠷ᠎ᠠ ᠶᠢᠨ 10 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠷᠢᠶᠡᠨ ᠬᠤᠳᠠ ᠠᠴᠠ ᠸᠢᠳᠢᠣ᠋ ᠬᠡᠯᠪᠡᠷᠢ ᠪᠠᠷ ᠤᠯᠠᠭᠠᠨᠬᠠᠳᠠ ᠬᠤᠳᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠲᠠᠬᠢᠨ ᠲᠤᠬᠢᠷᠠᠭᠤᠯᠪᠠ᠃      ᠸᠠᠩ ᠯᠢ ᠰᠢᠶᠠ᠂ ᠤᠯᠠᠭᠠᠨᠬᠠᠳᠠ ᠬᠤᠳᠠ ᠶᠢᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠮᠦᠨ ᠪᠣᠯᠤᠨ ᠡᠳ᠋ ᠪᠣᠳᠠᠰ ᠢ ᠭᠦᠢᠴᠡᠳ ᠪᠡᠯᠡᠳᠭᠡᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠵᠣᠬᠢᠰᠲᠠᠢ ᠲᠤᠬᠢᠷᠠᠭᠤᠯᠵᠤ᠂ ᠪᠡᠯᠡᠳᠭᠡᠯ ᠲᠠᠢ ᠲᠠᠶᠢᠨ ᠬᠢᠬᠦ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠨᠠᠷ ᠪᠠ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠷᠭ᠎ᠠ ᠴᠢᠨᠠᠷᠳᠠᠢ ᠡᠪᠡᠳᠴᠢᠨ ᠤ ᠵᠢᠱᠢᠶ᠎ᠠ ᠢᠯᠡᠷᠡᠪᠡᠯ ᠵᠠᠪᠠᠯ ᠮᠡᠳᠡᠭᠦᠯᠵᠦ᠂ ᠳᠠᠷᠦ᠋ᠢᠬᠠᠨ ᠮᠡᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠲᠠᠬᠤᠯ ᠡᠪᠡᠳᠴᠢᠨ ᠤ ᠪᠠᠶᠢᠴᠠᠭᠠᠯᠳᠠ ᠡᠬᠢ ᠡᠬᠦᠰᠤᠯ ᠤᠨ ᠮᠦᠷᠳᠡᠯᠳᠠ ᠶᠢ ᠪᠦᠬᠦ ᠬᠦᠴᠦᠨ ᠢᠶᠠᠷ ᠢᠶᠠᠨ ᠴᠢᠩᠭᠠᠳᠬᠠᠵᠤ᠂ ᠣᠨᠣᠰᠢᠯᠠᠭᠳᠠᠬᠰᠡᠨ ᠡᠪᠡᠳᠴᠢᠨ ᠤ ᠵᠢᠱᠢᠶ᠎ᠡ ᠶᠢ ︽ᠡᠷᠬᠢᠨ ᠬᠠᠷᠠᠵᠤ︾᠂ ᠲᠤᠰᠠᠭᠠᠷᠯᠠᠪᠡᠯ ᠵᠤᠬᠢᠬᠤ ᠶᠢ ᠨᠢ ᠪᠦᠬᠦᠨ ᠢ ᠲᠤᠰᠠᠭᠠᠷᠯᠠᠵᠤ᠂ ᠬᠦᠯᠢᠶᠡᠨ ᠠᠪᠬᠤ ᠶᠤᠰᠤᠳᠠᠢ ᠶᠢ ᠨᠢ ᠪᠦᠬᠦᠨ ᠢ ᠬᠦᠯᠢᠶᠡᠨ ᠠᠪᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠵᠦᠶ᠋ᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠨᠡᠶᠢᠭᠡᠮ ᠲᠡᠭᠡᠷᠡᠬᠢ᠂ ᠲᠤᠰᠠᠭᠠᠷᠯᠠᠬᠤ ᠴᠡᠭ ᠪᠣᠯᠤᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠰᠣᠯᠪᠢᠴᠠᠨ ᠬᠠᠯᠳᠠᠪᠤᠷᠢᠯᠠᠬᠤ ᠪᠠ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠭᠦᠰᠭᠦ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠶᠡᠭᠡ ᠬᠦᠴᠤᠨ ᠢᠶᠠᠷ ᠪᠦᠰᠡᠯᠡᠨ ᠤᠰᠠᠳᠬᠠᠵᠤ᠂ ᠳᠦᠷᠬᠡᠨ ᠰᠡᠷᠬᠡᠶᠢᠯᠡᠨ ᠡᠵᠡᠮᠳᠡᠬᠦ ᠪᠠᠷ ᠳᠦᠷᠬᠡᠨ ᠦᠷᠪᠢᠰᠤᠨ ᠳᠡᠯᠬᠡᠷᠡᠬᠦ ᠶᠢ ᠬᠤᠷᠢᠬᠯᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠠᠮᠤᠭ ᠤᠨ ᠪᠠᠭ᠎ᠠ ᠦᠷᠡᠭᠳᠡᠯ ᠢᠶᠠᠷ ᠬᠢᠵᠢᠭ ᠤᠨ ᠪᠠᠶᠢᠳᠠᠯ ᠢ ᠢᠯᠠᠬᠤ ᠪᠠᠷ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号