ᠸᠠᠩ ᠯᠢ ᠰᠢᠶᠠ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨᠲᠠ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/6/13
       6 ᠰᠠᠷ᠎ᠠ ᠶᠢᠨ 11 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠪᠠᠶᠢᠷᠢᠯᠠᠭᠤᠯᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠬᠠᠮᠢᠶ᠎ᠠ ᠪᠥᠬᠦᠶ ᠪᠠᠶᠢᠳᠠᠯ ᠢ ᠬᠠᠷᠢᠭᠤ ᠲᠤᠰᠬᠠᠭᠰᠠᠨ ᠤ ᠳᠠᠷᠠᠭ᠎ᠠ ᠸᠠᠩ ᠯᠢ ᠰᠢᠶᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠬᠠᠮᠤᠭ ᠤᠨ ᠵᠠᠩᠭᠢᠯᠠᠭ᠎ᠠ ᠶᠢᠨ ᠴᠠᠭ ᠲᠤ ᠣᠷᠣᠵᠠᠶ᠂ ᠰᠢᠳᠦ ᠵᠠᠭᠤᠨ ᠡᠷᠴᠢ ᠵᠣᠷᠢᠭ ᠢᠶᠠᠨ ᠬᠥᠪᠴᠢᠯᠡᠵᠦ᠂ ᠡᠯ᠎ᠡ ᠵᠦᠶ᠋ᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠪᠣᠳᠠᠲᠠᠶ ᠳᠤ ᠨᠠᠶᠢᠳᠠᠪᠤᠷᠢᠵᠢᠭᠤᠯᠵᠤ᠂ ᠨᠢᠭᠡ ᠯᠡ ᠠᠮᠢᠰᠬᠤᠭ᠎ᠠ ᠪᠠᠷ ᠬᠢᠵᠦ ᠪᠥᠬᠦ ᠲᠠᠯ᠎ᠠ ᠶᠢᠨ ᠢᠯᠠᠯᠲᠠ ᠤᠯᠬᠤ ᠬᠡᠷᠡᠭᠲᠡᠶ ᠭᠡᠵᠦ ᠬᠡᠯᠡᠪᠡ᠃      ᠸᠠᠩ ᠯᠢ ᠰᠢᠶᠠ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠶᠠᠪᠤᠴᠠ ᠶᠢ ᠲᠠᠬᠢᠨ ᠣᠨᠣᠴᠠᠲᠠᠢ᠂ ᠨᠠᠷᠢᠯᠢᠭ ᠪᠠᠶᠢᠯᠭᠠᠵᠤ᠂ ᠠᠪᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ᠂ ᠢᠲᠡᠭᠡᠬᠦ᠂ ᠬᠠᠮᠢᠶᠠᠷᠬᠤ ᠶᠢ ᠨᠢᠭᠡ ᠴᠤᠬᠴᠠᠵᠢᠭᠤᠯᠤᠨ ᠲᠤᠬᠢᠷᠠᠭᠤᠯᠵᠥ᠂ ᠨᠢᠭᠡ ᠴᠤᠬᠴᠠᠵᠢᠭᠤᠯᠤᠨ ᠠᠬᠢᠭᠤᠯᠵᠤ᠂ ᠠᠷᠭ᠎ᠠ ᠴᠢᠨᠠᠷ ᠢᠯᠡᠷᠡᠬᠦᠯᠪᠡᠯ ᠡᠷᠬᠡᠪᠰᠢ ᠮᠡᠳᠡᠭᠦᠯᠵᠦ᠂ ᠢᠯᠡᠷᠡᠬᠦᠯᠦᠭᠰᠡᠨ ᠳᠠᠷᠤᠢ ᠳᠠᠭᠠᠨ ᠮᠡᠳᠡᠭᠦᠯᠬᠦ ᠬᠡᠷᠡᠭᠲᠡᠢ᠃ ᠲᠤᠰᠠᠭᠠᠷᠯᠠᠵᠤ ᠰᠢᠯᠵᠢᠭᠦᠯᠬᠦ ᠠᠵᠢᠯ ᠢ ᠳᠠᠬᠢᠨ ᠣᠨᠣᠴᠠᠲᠠᠶ᠂ ᠨᠠᠷᠢᠯᠢᠭ ᠪᠠᠶᠢᠯᠭᠠᠵᠥ᠂ ᠲᠤᠬᠠᠶ ᠶᠢᠨ ᠲᠠᠯᠠᠪᠤᠷ ᠲᠤ ᠬᠦᠷᠴᠦ ᠳᠠᠬᠤᠯ ᠡᠪᠡᠳᠴᠢᠨ ᠤ ᠪᠠᠶᠢᠴᠠᠭᠠᠯᠳᠠ ᠬᠢᠬᠦ ᠶᠢ ᠪᠠᠷᠢᠮᠲᠠᠯᠠᠨ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠵᠤ᠂ ᠲᠤᠰᠠᠭᠠᠷᠯᠠᠬᠤ ᠴᠢᠬᠤᠯᠠᠳᠠᠢ ᠪᠠᠶᠢᠳᠠᠯ᠎ᠠ ᠳᠤᠰᠠᠭᠠᠷᠯᠠᠬᠰᠠᠨ ᠥᠬᠡᠶ ᠬᠥᠮᠦᠰ ᠢ ᠡᠳᠦᠷ ᠪᠦᠷᠢ ᠳᠠᠷᠤᠢ ᠳᠦᠷᠬᠡᠨ ᠥᠬᠡᠶ ᠪᠣᠯᠭᠠᠬᠤ ᠬᠡᠷᠡᠭᠲᠡᠶ᠃ ᠲᠤᠰᠠᠭᠠᠷᠯᠠᠬᠤ ᠴᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠳᠠᠬᠢᠨ ᠣᠨᠣᠴᠠᠲᠠᠶ᠂ ᠨᠠᠷᠢᠯᠢᠭ ᠪᠠᠶᠢᠯᠭᠠᠵᠤ᠂ ᠰᠣᠯᠪᠢᠴᠠᠨ ᠬᠠᠯᠳᠠᠪᠤᠷᠢᠯᠠᠬᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ᠂ ᠨᠡᠮᠡᠭᠳᠡᠯ ᠢ ᠬᠤᠷᠢᠭᠯᠠᠬᠤ᠂ ᠬᠤᠪᠢᠰᠬᠤ ᠬᠡᠮᠵᠢᠶ᠎ᠡ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠪᠢᠲᠡᠭᠦᠮᠵᠢᠯᠡᠨ ᠡᠵᠡᠮᠳᠡᠵᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠠᠬᠢᠨ ᠣᠨᠣᠴᠠᠲᠠᠢ᠂ ᠨᠠᠷᠢᠯᠢᠭ ᠪᠠᠶᠢᠯᠭᠠᠵᠤ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠠᠵᠢᠯᠯᠠᠭ᠎ᠠ᠂ ᠡᠭᠦᠳᠡ ᠲᠣᠭᠰᠢᠬᠤ ᠠᠵᠢᠯᠯᠠᠭ᠎ᠠ᠂ ᠴᠡᠪᠡᠷᠯᠡᠨ ᠠᠷᠢᠯᠭᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠷᠬᠢᠬᠳᠠᠭᠤᠯᠬᠤ ᠦᠭᠡᠢ ᠬᠠᠮᠢᠶᠠᠷᠬᠤ᠂ ᠤᠷᠬᠢᠬᠳᠠᠭᠤᠯᠬᠤ ᠦᠭᠡᠢ ᠪᠠᠶᠢᠴᠠᠭᠠᠬᠤ᠂ ᠤᠷᠬᠢᠬᠳᠠᠭᠤᠯᠬᠤ ᠦᠭᠡᠢ ᠲᠤᠰᠠᠭᠠᠷᠯᠠᠬᠤ᠂ ᠠᠷᠭ᠎ᠠ ᠴᠢᠨᠠᠷᠳᠠᠢ ᠡᠪᠡᠳᠴᠢᠨ ᠤ ᠵᠢᠱᠢᠶ᠎ᠠ ᠶᠢ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡ ᠪᠠᠷ ᠠᠪᠤᠷᠠᠨ ᠵᠠᠰᠠᠬᠤ ᠳᠠᠭᠠᠨ ᠲᠠᠬᠢᠨ ᠣᠨᠣᠴᠠᠳᠠᠢ᠂ ᠨᠠᠷᠢᠯᠢᠭ ᠪᠠᠶᠢᠵᠤ᠂ ᠬᠦᠨᠳᠦ ᠡᠪᠡᠳᠴᠢᠨ ᠤ ᠨᠤᠷᠮ᠎ᠠ ᠶᠢ ᠪᠦᠬᠦ ᠬᠦᠴᠦᠨ ᠢᠶᠠᠷ ᠢᠶᠠᠨ ᠪᠠᠭᠤᠷᠠᠭᠤᠯᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠡᠯ ᠡᠭᠦᠰᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠦᠶ᠋ᠯᠡᠴᠢᠯᠡᠭᠡ ᠪᠠᠲᠤᠯᠠᠭ᠎ᠠ ᠪᠠᠨ ᠳᠠᠬᠢᠨ ᠣᠨᠣᠴᠠᠲᠠᠶ᠂ ᠨᠠᠷᠢᠯᠢᠭ ᠪᠠᠶᠢᠯᠭᠠᠵᠤ᠂ ᠡᠮᠬᠢ ᠵᠢᠷᠤᠮ ᠲᠠᠢ ᠪᠠᠷ ᠦᠢᠯᠡᠳᠪᠦᠷᠢᠯᠡᠯ ᠢᠶᠠᠨ ᠰᠡᠷᠭᠦᠭᠡᠵᠦ᠂ ᠬᠢᠯᠢ ᠶᠢᠨ ᠪᠣᠭᠤᠮᠲᠠ ᠪᠠᠷ ᠰᠠᠭᠠᠳ ᠥᠬᠡᠶ ᠨᠡᠪᠳᠡᠷᠡᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃      ᠠᠵᠢᠯ ᠤᠨ ᠨᠠᠶᠢᠳᠠᠪᠤᠷᠢᠵᠢᠭᠤᠯᠤᠯᠲᠠ ᠶᠢ ᠲᠠᠬᠢᠨ ᠣᠨᠣᠴᠠᠳᠠᠢ᠂ ᠨᠠᠷᠢᠯᠢᠭ ᠪᠠᠶᠢᠯᠭᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠡᠳᠦᠷ ᠪᠦᠷᠢ ᠴᠡᠪᠡᠷᠯᠡᠨ ᠳ᠋ᠦᠡᠭᠨᠡᠵᠤ᠂ ᠢᠮᠠᠭᠲᠠ ᠪᠠᠶᠢᠯᠳᠤᠬᠤ ᠣᠪᠣᠷ ᠢᠶᠠᠷ ᠠᠵᠢᠯᠯᠠᠬᠤ ᠬᠡᠷᠡᠭᠲᠡᠢ ᠭᠡᠵᠤ ᠴᠢᠬᠤᠯᠠᠴᠢᠯᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠬᠦᠷᠴᠦ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠪᠢᠨ ᠬᠤᠷᠠᠯ ᠳᠤ ᠣᠷᠣᠯᠴᠠᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠬᠦᠷᠴᠤ ᠠᠵᠢᠯᠯᠠᠬᠤ ᠳᠤᠭᠤᠶᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠯᠢ ᠶᠢᠨ ᠭᠤᠤᠯ ᠠᠶᠢᠮᠠᠭ᠂ ᠡᠷᠢᠶᠡᠨ ᠬᠤᠲᠠ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号