6 ᠰᠠᠷ᠎ᠠ ᠶᠢᠨ 7 ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ | ᠴᠢᠶᠠᠩ ᠤᠯᠠᠭᠠᠨᠴᠠᠪ ᠬᠤᠳᠠ ᠪᠣᠯᠤᠨ ᠬᠥᠬᠡᠬᠤᠲᠠ ᠳᠤ ᠠᠵᠤ ᠠᠬᠤᠢ ᠶᠢ ᠲᠣᠭᠲᠠᠭᠤᠨ ᠪᠠᠶᠢᠯᠭᠠᠬᠤ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ | ︽ᠭᠠᠶᠢᠯᠢ ᠶᠢ ᠪᠤᠴᠠᠭᠠᠭᠰᠠᠨ ᠪᠠᠯᠠ ᠮᠥᠩᠭᠦ ᠪᠠᠨ ᠣᠯᠤᠭᠰᠠᠨ ᠦᠦ︖︾᠂ ︽ᠦᠢᠯᠡᠳᠬᠦᠨ ᠢᠶᠠᠨ | ᠭᠠᠳᠠᠭᠰᠢ ᠪᠣᠷᠣᠯᠠᠭᠤᠯᠬᠤ ᠳᠤ ᠪᠠᠰᠠ ᠶᠠᠮᠠᠷ ᠬᠦᠴᠢᠷᠳᠡᠯ ᠪᠠᠶᠢᠬᠤ ᠪᠤᠢ︖︾ ᠬᠤᠸᠠᠩ ᡁᠢ ᠴᠢᠶᠠᠩ ᠹᠧᠩᠵᠧᠨ | ᠬᠤᠳᠠ ᠶᠢᠨ ᠹᠧᠩ ᠴᠤᠸᠠᠨ ᠠᠵᠤ ᠦᠢᠯᠡᠰ ᠤᠨ ᠬᠦᠷᠢᠶᠡᠯᠡᠩ ᠪᠣᠯᠤᠨ ᠵᠶᠢ ᠲᠢᠶᠧ ᠲᠡᠮᠦᠷ ᠤᠨ ᠬᠠᠶᠢᠯᠤᠰᠢ᠂ ᠯᠢᠦᠢ | ᠺᠠᠩ ᠶᠤᠸᠠᠨ ᠠᠮᠢ ᠠᠬᠤᠢ ᠶᠢᠨ ᠲᠠᠷᠢᠶᠠᠯᠠᠩ᠂ ᠬᠠᠢ ᠫᠧᠩ ᠶᠧᠪᠡᠩ ᠤᠨ ᠺᠤᠮᠫᠠᠨᠢ ᠵᠡᠷᠭᠡ ᠠᠵᠤ ᠠᠬᠤᠶᠢᠯᠠᠯ ᠢᠶᠠᠷ | ᠲᠣᠭᠤᠷᠢᠨ ᠦᠵᠡᠬᠦ ᠳᠡᠭᠡᠨ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠢ ᠨᠠᠷᠢᠯᠢᠬ ᠠᠰᠠᠭᠤᠵᠤ᠂ ᠲᠤᠬᠠᠢ ᠶᠢᠨ | ᠭᠠᠵᠠᠷ ᠤᠨ ᠵᠠᠰᠠᠭ ᠤᠨ ᠣᠷᠳᠣᠨ ᠢ ᠠᠵᠤ ᠠᠬᠤᠶᠢᠯᠠᠯ ᠢ ᠬᠠᠪᠰᠤᠷᠤᠨ ᠲᠦᠭᠵᠢᠷᠡᠯ ᠢ ᠨᠢ ᠰᠢᠯᠤᠭᠤᠳᠬᠠᠨ | ᠬᠦᠴᠢᠷᠳᠡᠯ ᠢ ᠨᠢ ᠰᠢᠢᠳᠪᠦᠷᠢᠯᠡᠵᠦ᠂ ᠲᠡᠭᠡᠷ᠎ᠠ ᠬᠠᠭᠠᠰ ᠵᠢᠯ ᠳᠤ ᠤᠨ ᠤ ᠬᠠᠷᠠᠯᠲᠠ ᠡᠭᠦᠷᠭᠡ ᠶᠢᠨ ᠢᠶᠠᠨ ᠬᠠᠭᠠᠰ ᠠᠴᠠ | ᠲᠡᠭᠡᠭᠰᠢᠬᠢ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢ ᠱᠠᠯᠠᠪᠳᠠᠭᠤᠯᠤᠨ ᠱᠠᠭᠠᠷᠳᠠᠪᠠ᠃ | ᠬᠥᠬᠡᠬᠤᠲᠠ ᠶᠢᠨ ᠬᠤᠸᠠ ᠶᠣᠣ ᠨᠠᠷᠠᠨ ᠤ ᠬᠡᠷᠡᠯ ᠢᠶᠠᠷ ᠴᠠᠬᠢᠯᠭᠠᠨ ᠭᠠᠷᠭᠠᠬᠤ᠂ ᠲᠠᠯ᠎ᠠ ᠨᠤᠲᠤᠭ ᠤᠨ ᠤᠯᠠᠭᠠᠨ | ᠨᠠᠷᠠ᠂ ᠡᠷᠳᠡᠨᠢ ᠢᠳᠡᠭᠡᠨ ᠤᠮᠳᠠᠭᠠᠨ ᠪᠠ ᠳ᠋ᠢ ᡁᠢ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠵᠤ ᠠᠬᠤᠶᠢᠯᠠᠯ ᠳᠤ | ᠬᠤᠸᠠᠩ ᡁᠢ ᠴᠢᠶᠠᠩ ᠲᠤᠬᠠᠶ ᠶᠢᠨ ᠲᠠᠯᠠᠪᠠᠶ ᠳᠤ ᠠᠵᠢᠯᠯᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠲᠣᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ᠂ ᠤᠯᠠᠨ ᠢᠶᠠᠷ ᠢᠶᠠᠨ ᠥᠷᠯᠥᠭᠡ | ᠦᠳᠡᠰᠢ ᠶᠢ ᠲᠡᠮᠡᠴᠡᠬᠦ ᠲᠤᠯᠭᠠᠮ ᠪᠤᠳᠤᠯ ᠢᠶᠠᠷ᠂ ᠠᠵᠤ ᠠᠬᠤᠢ ᠶᠢ ᠳᠤᠬᠳᠠᠭᠤᠨ ᠪᠠᠶᠢᠯᠭᠠᠬᠤ ᠲᠦᠷᠦ ᠶᠢᠨ | ᠪᠤᠳᠤᠯᠭ᠋᠎ᠠ ᠶᠢ ᠤᠨᠤᠴᠠᠳᠠᠢ ᠭᠡᠷᠡᠭᠵᠢᠬᠦᠯᠵᠤ᠂ ᠰᠢᠭᠤᠳ ᠬᠦᠷᠭᠡᠵᠦ ᠲᠦᠷᠭᠡᠨ ᠡᠳ᠋ᠯᠡᠬᠦ ᠶᠢ ᠲᠦᠷᠭᠡᠳᠭᠡᠨ ᠠᠬᠢᠭᠤᠯᠵᠤ᠂ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠡᠷᠲᠡᠬᠡᠨ ᠠᠰᠢᠭ ᠬᠦᠷᠲᠡᠭᠡᠵᠦ᠂ | ᠬᠦᠴᠢᠷᠳᠡᠯ ᠢ ᠨᠢ ᠦᠨᠡᠨ ᠬᠦ ᠰᠢᠢᠳᠪᠤᠷᠢᠯᠡᠬᠦ ᠬᠡᠷᠡᠭᠲᠡᠢ ᠭᠡᠵᠤ ᠬᠡᠯᠡᠪᠡ᠃ |