351.7 ᠳ᠋ᠦᠩᠰᠢᠭᠤᠷ ᠲᠥᠭᠦᠷᠢᠭ︕ ᠮᠠᠨ ᠤ ᠣᠷᠣᠨ 10 ᠵᠦᠢᠯ ᠤᠨ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2022/6/14
      ᠤᠯᠤᠰ ᠤᠨ ᠰᠢᠨ᠎ᠡ ᠨᠡᠶᠢᠯᠡᠮᠡᠯ ᠮᠠᠶ᠋ᠢᠭ ᠤᠨ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠤᠰᠠᠳᠠ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠥᠬᠦ ᠣᠷᠣᠨ ᠤ ᠡᠯ᠎ᠡ ᠭᠠᠵᠠᠷ ᠲᠤ ᠰᠠᠭᠤᠳᠬᠠᠨ ᠪᠤᠴᠠᠭᠠᠬᠤ ᠭᠠᠶᠢᠯᠢ ᠶᠢᠨ ᠨᠥᠬᠦᠪᠦᠷᠢ ᠶᠢ ᠨᠡᠮᠡᠭᠳᠡᠭᠦᠯᠵᠦ᠂ ᠲᠡᠩᠴᠡᠭᠦᠷᠢ ᠶᠢᠨ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠵᠡᠷᠭᠡ 10 ᠵᠦᠢᠯ ᠤᠨ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠶᠢ 351.7 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠨᠡᠮᠡᠭᠳᠡᠭᠰᠡᠨ ᠬᠡᠪᠴᠢᠶ᠎ᠡ ᠨᠢ ᠥᠩᠭᠡᠷᠡᠭᠰᠡᠨ ᠵᠢᠯ ᠤᠳ ᠤᠨ ᠬᠠᠮᠤᠭ ᠤᠨ ᠥᠨᠳᠥᠷ ᠬᠡᠮᠵᠢᠶᠡᠨ ᠳᠤ ᠬᠦᠷᠴᠡᠢ᠃      ᠨᠢᠭᠡ ᠳᠤ᠂ ᠨᠢᠭᠡ ᠯᠡ ᠤᠳᠠᠭ᠎ᠠ ᠶᠢᠨ ᠴᠢᠨᠠᠷᠲᠠᠢ ᠡᠳ᠋ ᠤᠨ ᠬᠦᠴᠦᠨ ᠤ ᠨᠥᠬᠦᠪᠦᠷᠢ ᠶᠢᠨ ᠪᠡᠯᠡ ᠮᠥᠩᠭᠦ ᠶᠢ ᠨᠡᠮᠡᠭᠳᠡᠭᠦᠯᠵᠦ᠂ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ — ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠥᠬᠦᠪᠦᠷᠢ ᠥᠭᠬᠦ ᠪᠡᠯᠡ ᠮᠥᠩᠭᠦ ᠶᠢ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠬᠡᠪᠴᠢᠶ᠎ᠡ ᠯᠦᠭᠡ ᠵᠣᠬᠢᠴᠠᠭᠤᠯᠵᠤ᠂ ᠰᠠᠭᠤᠳᠬᠠᠨ ᠪᠤᠴᠠᠭᠠᠬᠤ ᠭᠠᠶᠢᠯᠢ ᠶᠢᠨ ᠡᠳ᠋ ᠤᠨ ᠬᠦᠴᠦᠨ ᠳᠠᠬᠢ ᠡᠵᠡᠯᠡᠬᠦ ᠬᠤᠪᠢ ᠶᠢᠨ ᠵᠢᠩ ᠨᠢ ᠬᠡᠲᠦ ᠥᠨᠳᠥᠷ ᠪᠠᠶᠢᠭ᠎ᠠ ᠬᠤᠰᠢᠭᠤ ᠰᠢᠶᠠᠨ ᠳᠤ ᠨᠥᠬᠦᠪᠦᠷᠢ ᠶᠢᠨ ᠬᠠᠷᠢᠴᠠᠯ ᠢ ᠳᠡᠭᠡᠭᠰᠢᠯᠡᠭᠦᠯᠬᠦ ᠶᠢᠨ ᠬᠠᠮᠲᠤ ᠬᠦᠴᠢᠷᠳᠡᠯᠲᠡᠢ ᠭᠠᠵᠠᠷ ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠶᠢᠮᠠᠭ ᠬᠤᠲᠠ ᠬᠤᠰᠢᠭᠤ ᠰᠢᠶᠠᠨ ᠤ ᠰᠠᠭᠤᠳᠬᠠᠨ ᠪᠤᠴᠠᠭᠠᠬᠤ ᠭᠠᠶᠢᠯᠢ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠬᠤᠰᠢᠭᠤ ᠰᠢᠶᠠᠨ ᠤ ᠡᠳ᠋ ᠤᠨ ᠬᠦᠴᠦᠨ ᠤ ᠨᠥᠬᠦᠪᠦᠷᠢ ᠵᠡᠷᠭᠡ ᠪᠡᠯᠡ ᠮᠥᠩᠭᠦ ᠶᠢ 211.4 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠠᠶᠢᠮᠠᠭ ᠬᠤᠲᠠ ᠬᠤᠰᠢᠭᠤ ᠰᠢᠶᠠᠨ ᠳᠤ ᠨᠡᠶᠢᠯᠡᠮᠡᠯ ᠮᠠᠶ᠋ᠢᠭ ᠤᠨ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠭᠦᠢᠴᠡᠳ ᠲᠣᠭᠠᠨ ᠤ ᠪᠡᠯᠡ ᠮᠥᠩᠭᠦ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃      ᠬᠤᠶᠠᠷ ᠲᠤ᠂ ᠡᠩ ᠤᠨ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠶᠢ ᠨᠡᠮᠡᠭᠳᠡᠭᠦᠯᠵᠦ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ — ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠪᠠ ᠣᠷᠣᠨ ᠨᠤᠲᠤᠭ ᠤᠨ ᠡᠳ᠋ ᠤᠨ ᠬᠦᠴᠦᠨ ᠢ ᠨᠢᠭᠡᠳᠦᠯᠲᠡᠢ ᠲᠥᠯᠥᠪᠯᠡᠵᠦ᠂ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠬᠦᠴᠢᠷᠳᠡᠯᠲᠡᠢ ᠭᠠᠵᠠᠷ ᠣᠷᠣᠨ ᠲᠡᠶᠢᠰᠢ ᠬᠡᠯᠪᠠᠶᠢᠯᠭᠡᠵᠦ᠂ ᠡᠨᠡ ᠵᠢᠯ ᠡᠯ᠎ᠡ ᠭᠠᠵᠠᠷ ᠲᠤ ᠲᠡᠩᠴᠡᠭᠦᠷᠢ ᠶᠢᠨ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠵᠡᠷᠭᠡ ᠡᠩ ᠤᠨ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠶᠢ 140.3 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃      ᠡᠭᠦᠨ ᠤ ᠵᠡᠷᠭᠡ ᠳᠤ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠤᠨ ᠬᠢᠨ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠨᠥᠬᠦᠪᠦᠷᠢ ᠮᠥᠩᠭᠦ ᠶᠢ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠵᠠᠷᠤᠯᠭ᠎ᠠ ᠳᠤ ᠤᠷᠢᠳ ᠢᠶᠠᠷ ᠬᠡᠷᠡᠭᠯᠡᠵᠦ᠂ ︽ᠭᠤᠷᠪᠠ ᠶᠢ ᠪᠠᠲᠤᠯᠠᠬᠤ︾ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠦᠨᠡᠨ ᠬᠦ ᠪᠠᠲᠤ ᠴᠢᠩᠭ᠎ᠠ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号