6 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ | ᠱᠤᠤ ᠴᠧᠩ ᠬᠤᠷᠠᠯ ᠢ ᠡᠷᠬᠢᠯᠡᠵᠡᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ | ᠭᠤᠴᠢ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ | ᠰᠤᠷᠤᠯᠴᠠᠪᠠ᠃ ᠬᠤᠷᠠᠯ ᠠᠴᠠ᠂ ᠥᠪᠥᠷ ᠮᠣᠩᠭᠤᠯ ᠥᠨᠢ ᠤᠳᠠᠭᠠᠨ ᠲᠡᠦᠬᠡ ᠲᠠᠢ᠂ ᠣᠯᠠᠨ ᠡᠰᠢᠲᠦ ᠰᠣᠶᠣᠯ ᠲᠠᠢ | ᠶᠤᠮ᠂ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠤᠨ ᠬᠠᠶᠢᠯᠲᠠ ᠳᠤᠮᠳᠠ ᠥᠪᠥᠷ ᠮᠣᠩᠭᠤᠯ ᠶᠠᠭᠤ ᠬᠢᠵᠦ | ᠪᠣᠯᠬᠤ᠂ ᠶᠠᠮᠠᠷ ᠬᠤᠪᠢ ᠨᠡᠮᠡᠷᠢ ᠦᠵᠡᠬᠦᠯᠵᠤ ᠲᠠᠶᠢᠯᠬᠦ ᠶᠢ ᠪᠢᠳᠠ ᠨᠠᠷᠢᠨ ᠬᠢᠨᠠᠮᠠᠭᠠᠢ ᠰᠤᠳᠤᠯᠵᠥ᠂ ᠠᠵᠢᠯ ᠢᠶᠠᠨ | ᠢᠳᠡᠪᠬᠢᠲᠡᠶ ᠰᠠᠶᠢᠲᠤᠷ ᠬᠢᠬᠦ ᠬᠡᠷᠡᠭᠲᠡᠶ᠃ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠢ ᠬᠠᠶᠢᠬᠤ ᠶᠢ | ᠦᠨᠳᠦᠰᠦᠲᠡᠨ ᠨᠦᠭᠦᠳ ᠤᠨ ᠠᠭᠤᠰᠤᠯᠴᠠᠭᠰᠠᠨ ᠲᠡᠦᠬᠡᠨ ᠪᠣᠳᠠᠲᠤ ᠶᠠᠪᠤᠳᠠᠯ ᠢ ᠠᠭᠤᠳᠠᠯᠤᠨ ᠡᠮᠬᠢᠳᠭᠡᠵᠦ | ᠤᠬᠠᠭᠤᠯᠬᠤ ᠯᠤᠭ᠎ᠠ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢ ᠰᠠᠶᠢᠲᠤᠷ ᠶᠠᠷᠢᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠰᠠᠶᠢᠲᠤᠷ ᠶᠠᠷᠢᠵᠤ᠂ ᠥᠷᠭᠡᠨ | ᠤᠯᠠᠨ ᠺᠠᠳ᠋ᠷ ᠤᠯᠠᠨ ᠲᠦᠮᠡᠨ ᠢ ᠬᠦᠳᠦᠯᠥᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠳᠤ ᠰᠢᠨᠵᠢᠯᠡᠨ ᠪᠠᠶᠢᠴᠠᠭᠠᠬᠰᠡᠨ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ | ᠵᠠᠩᠭᠢᠯᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ ᠳᠤ ᠪᠤᠢ᠃ ᠬᠤᠯᠪᠣᠭᠳᠠᠯ ᠪᠦᠬᠦᠢ ᠲᠠᠯ᠎ᠠ ᠶᠢᠨ ᠬᠢᠨ | ᠦᠷᠭᠦᠯᠵᠢᠯᠡᠨ ᠴᠠᠭ ᠮᠥᠴᠡ ᠶᠢ ᠠᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠳᠠᠷᠤᠢ ᠲᠦᠷᠭᠡᠨ ᠲᠦᠪᠰᠢᠳᠭᠡᠬᠦ ᠬᠡᠷᠡᠭᠲᠡᠢ᠃ ᠬᠢᠵᠢᠭ ᠤᠨ ᠪᠠᠶᠢᠳᠠᠯ ᠦᠭᠡᠢ ᠭᠠᠵᠠᠷ | ᠣᠷᠣᠨ ᠤ ᠬᠢᠨ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠠᠳᠬᠤᠵᠤ᠂ ᠠᠵᠤ ᠠᠬᠤᠢ ᠶᠢᠨ | ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ | ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃ | ᠬᠤᠷᠠᠯ ᠠᠴᠠ ︽ᠨᠢ᠋ᠮᠠᠳᠤᠭᠠᠷ ᠳᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠬᠠᠤᠯᠢ | ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠵᠠᠯᠠᠭᠤᠴᠤᠳ ᠪᠠᠭᠠᠴᠤᠳ ᠠᠴᠠ ᠡᠬᠢᠯᠡᠨ ᠠᠳᠬᠤᠵᠤ᠂ ᠰᠦᠯᠵᠢᠶ᠎ᠡ ᠪᠠᠷ | ᠬᠠᠤᠯᠢ ᠲᠦᠭᠡᠮᠡᠯᠵᠢᠭᠦᠯᠬᠦ ᠶᠢ ᠴᠢᠬᠤᠯᠠᠴᠢᠯᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ | ᠪᠥᠬᠦ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢᠵᠢᠯ ᠤᠨ ᠤᠬᠠᠮᠰᠠᠷ᠂ ᠶᠣᠰᠣ ᠲᠦᠷᠢᠮ ᠤᠨ | ᠤᠬᠠᠮᠰᠠᠷ ᠢ ᠨᠢ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |