ᠰᠦᠨ ᠱᠤᠤ ᠴᠧᠩ ᠠᠶᠤᠯᠭᠦᠢ ᠦᠢᠯᠡᠳᠪᠦᠷᠢᠯᠡᠯ ᠭᠠᠮᠰᠢᠭ ᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/16
      6 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠰᠤᠳᠤᠯᠪᠠ᠃      11 ᠰᠠᠯᠠᠭ᠎ᠠ ᠮᠥᠴᠢᠷ ᠨᠢᠭᠡᠴᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ᠂ ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ᠂ ᠠᠮᠤᠷ ᠲᠦᠪᠰᠢᠨ ᠲᠠᠶᠢᠱᠠᠨ ᠠᠭᠤᠯᠠᠨ ᠠᠴᠠ ᠬᠦᠨᠳᠦ ᠶᠤᠮ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠴᠠᠭ ᠢᠮᠠᠭᠲᠠ ᠰᠠᠨᠠᠭ᠎ᠠ ᠲᠠᠯᠪᠢᠬᠤ︾ ᠬᠠᠷᠢᠭᠤᠴᠠᠯᠭᠠᠲᠤ ᠰᠡᠳᠭᠢᠯᠭᠡ ᠶᠢ ᠪᠠᠷᠢᠮᠳᠠᠯᠠᠵᠥ᠂ ︽ᠨᠢᠭᠡ ᠶᠢ ᠠᠯᠳᠠᠪᠠᠯ ᠠᠯᠢᠪᠠ ᠶᠢ ᠠᠯᠳᠠᠬᠤ︾ ᠭᠡᠬᠦ ᠶᠣᠰᠣ ᠶᠢ ᠪᠠᠲᠤ ᠴᠡᠭᠡᠵᠢᠯᠡᠵᠦ᠂ ᠠᠮᠤᠷ ᠲᠦᠪᠰᠢᠨ ᠤ ᠡᠨᠡ ᠬᠦ ᠬᠥᠪᠴᠢ ᠶᠢ ᠴᠢᠩᠭᠠᠯᠠᠵᠤ᠂ ᠨᠢᠳᠦ ᠪᠠᠨ ᠬᠢᠷᠠᠬᠠᠢ ᠪᠠᠶᠢᠯᠭᠠᠵᠥ᠂ ︽ᠨᠢᠮᠭᠡᠨ ᠮᠥᠰᠥᠨ ᠳᠡᠭᠡᠬᠦᠷ ᠠᠯᠬᠤᠬᠤ ᠮᠡᠲᠦ᠂ ᠭᠦᠨ ᠬᠦᠪ ᠲᠤ ᠤᠷᠤᠬᠰᠠᠨ ᠮᠡᠲᠦ︾ ᠪᠠᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠬᠡᠪᠡ᠃      ᠰᠦᠨ ᠱᠤᠤ ᠴᠧᠩ᠂ ᠤᠴᠢᠷ ᠶᠠᠪᠤᠳᠠᠯ ᠡᠬᠦᠰᠬᠦ ᠠᠴᠠ ᠡᠮᠦᠨ᠎ᠡ ᠪᠡᠯᠡᠳᠭᠡᠯ ᠬᠢᠵᠦ᠂ ᠰᠡᠷᠭᠡᠶᠢᠯᠡᠬᠦ ᠪᠠᠷ ᠭᠤᠣᠯ ᠪᠣᠯᠭᠠᠵᠤ᠂ ᠭᠠᠮᠰᠢᠭ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠡᠮ ᠰᠣᠭᠤᠭ ᠢ ᠴᠠᠭ ᠲᠤᠬᠠᠢ ᠳᠤᠨᠢ ᠣᠨᠣᠪᠴᠢᠲᠠᠢ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠣᠳᠠᠲᠠᠶᠢᠵᠢᠭᠤᠯᠵᠤ ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠵᠢᠩᠬᠢᠨᠢ ᠪᠠᠶᠢᠯᠳᠤᠭᠠᠨ ᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠭᠠᠮᠰᠢᠭ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠭᠠᠷᠤᠮᠠᠭᠴᠠ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠳᠠᠭᠠᠨ ︽ᠲᠦᠷᠭᠡᠨ︾ ᠪᠠᠶᠢᠬᠤ ᠶᠢ ᠲᠣᠪᠤᠶᠢᠯᠭᠠᠨ ᠰᠠᠶᠢᠲᠤᠷ ᠬᠢᠵᠦ᠂ ᠬᠦᠴᠦᠨ ᠢᠶᠠᠨ ᠦᠳᠲᠡᠷ ᠲᠦᠷᠭᠡᠨ ᠲᠥᠪᠯᠡᠷᠡᠭᠦᠯᠦᠨ ᠠᠶᠤᠯ ᠠᠴᠠ ᠠᠪᠤᠷᠠᠨ ᠲᠤᠰᠠᠯᠠᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠶ ᠲᠥᠪᠬᠢᠨᠡᠭᠦᠯᠵᠦ᠂ ᠳᠠᠬᠢᠨ ᠡᠬᠦᠰᠬᠦ ᠭᠠᠮᠰᠢᠭ ᠢ ᠠᠩᠬᠠᠷᠤᠨ ᠰᠡᠷᠭᠡᠶᠢᠯᠡᠬᠦ ᠬᠡᠷᠡᠭᠲᠡᠶ᠃ ᠤᠯᠤᠰ ᠤᠨ ᠳᠡᠮᠵᠢᠯᠭᠡ ᠶᠢ ᠢᠳᠡᠪᠬᠢᠳᠠᠢ ᠭᠤᠶᠤᠴᠢᠯᠡᠨ ᠣᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠠᠭᠤᠷᠢ ᠳᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠪᠣᠯᠪᠠᠰᠤᠷᠠᠯ ᠢ ᠴᠢᠩᠭᠠᠳᠬᠠᠵᠤ᠂ ᠺᠠᠳ᠋ᠷᠴᠤᠳ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠵᠤ᠂ ᠱᠠᠳᠤ ᠬᠤᠪᠢᠶᠠᠨ ᠬᠠᠮᠢᠶᠠᠷᠬᠤ ᠲᠦᠷᠢᠮ ᠢ ᠨᠠᠶᠢᠳᠠᠪᠤᠷᠢᠵᠢᠭᠤᠯᠵᠤ᠂ ᠠᠯᠢ ᠱᠠᠲᠤᠨ ᠤ ᠬᠠᠷᠢᠭᠤᠴᠠᠯᠭ᠎ᠠ ᠪᠣᠯ ᠲᠡᠷᠡ ᠱᠠᠳᠤ ᠬᠠᠷᠢᠭᠤᠴᠠᠵᠤ ᠂ ᠠᠯᠢ ᠲᠡᠰ ᠤᠨ ᠭᠠᠮᠰᠢᠭ ᠤᠨ ᠪᠠᠶᠢᠳᠠᠯ ᠪᠤᠯ ᠬᠠᠷᠠᠭᠠᠯᠵᠠᠬᠰᠠᠨ ᠲᠡᠰ ᠤᠨ ᠬᠢᠨ ᠲᠦᠷᠦᠭᠦᠯᠡᠨ ᠠᠷᠭᠠᠴᠠᠭᠠᠵᠤ᠂ ᠱᠠᠳᠤ ᠱᠠᠳᠤ ᠪᠠᠷ ᠬᠠᠷᠢᠭᠤᠴᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨ ᠬᠦ ᠪᠡᠶᠡᠯᠡᠬᠦᠯᠬᠦ ᠬᠡᠷᠡᠭᠲᠡᠢ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ ᠬᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠤᠢ ᠯᠢ ᠰᠢᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号