ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ | 2022 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ ᠲᠣᠭᠲᠠᠭᠠᠬᠤ | ᠨᠡᠷᠡᠰ ᠢ ᠨᠡᠶᠢᠲᠡᠯᠡᠵᠦ᠂ 12 ᠵᠦᠢᠯ ᠤᠨ ᠨᠡᠷᠡᠰ ᠤᠨ ᠵᠢᠭᠰᠠᠭᠠᠯᠲᠠ ᠳᠤ ᠨᠡᠶᠢᠲᠡ 14 ᠲᠥᠷᠥᠯ ᠵᠦᠢᠯ ᠢ ᠳᠡᠮᠵᠢᠵᠦ᠂ | ᠡᠭᠦᠨ ᠳᠤ 2 ᠨᠡᠷᠡᠰ ᠤᠨ ᠵᠢᠭᠰᠠᠭᠠᠯᠲᠠ ᠳᠤ ︽ᠮᠣᠷᠢᠨ ᠤᠷᠤᠯᠳᠤᠭᠠᠨ ᠤ ᠳᠦᠷᠢᠮ︾ ᠢ ᠬᠡᠷᠡᠭᠯᠡᠨ ᠵᠡᠷᠭᠡ ᠪᠠᠷ | ᠨᠡᠶᠢᠲᠡᠯᠡᠵᠦ ᠪᠣᠭᠤᠮᠲᠠ ᠰᠢᠪᠲᠤᠯᠪᠠ᠂ ᠡᠨᠡ ᠨᠢ ᠮᠥᠨ ᠴᠦ ᠮᠠᠨ ᠤ ᠣᠷᠣᠨ ᠤ ᠠᠩᠬ᠎ᠠ ᠤᠳᠠᠭ᠎ᠠ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠳᠤ ︽ᠮᠣᠷᠢᠨ | ᠤᠷᠤᠯᠳᠤᠭᠠᠨ ᠤ ᠳᠦᠷᠢᠮ︾ ᠢ ᠡᠬᠢᠯᠡᠵᠦ ᠬᠡᠷᠡᠭᠯᠡᠭᠰᠡᠨ ᠶᠠᠪᠤᠳᠠᠯ ᠪᠣᠯᠣᠨ᠎ᠠ᠃ | ︽ᠮᠣᠷᠢᠨ ᠤᠷᠤᠯᠳᠤᠭᠠᠨ ᠤ ᠳᠦᠷᠢᠮ︾ ᠭᠡᠳᠡᠭ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ | ᠵᠦᠢᠯ ᠢ ᠲᠣᠭᠲᠠᠭᠠᠬᠤ ᠦᠶ᠎ᠡ ᠳᠤ᠂ ᠰᠢᠯᠢᠳᠡᠭ ᠢ ᠨᠢ ᠰᠣᠩᠭᠤᠵᠤ ᠣᠯᠠᠨ ᠭᠤᠣᠯ ᠴᠣᠭᠴᠠ ᠳᠤ ᠵᠡᠷᠭᠡ ᠪᠠᠷ | ᠪᠣᠭᠤᠮᠲᠠ ᠰᠢᠪᠲᠤᠯᠵᠤ᠂ ᠲᠥᠷᠥᠯ ᠵᠦᠢᠯ ᠢ ᠥᠷᠨᠢᠭᠦᠯᠬᠦ ᠶᠠᠪᠤᠴᠠ ᠳᠤ ᠱᠠᠲᠤᠴᠢ ᠴᠢᠨᠠᠷᠲᠠᠢ ᠪᠠᠷ ᠰᠢᠯᠭᠠᠨ ᠬᠢᠨᠠᠬᠤ᠂ | ᠥᠷᠢᠰᠦᠯᠳᠦᠭᠡᠨ ᠤ ᠴᠢᠨᠠᠷᠲᠠᠢ ᠪᠠᠷ ᠰᠢᠭᠰᠢᠭᠳᠡᠭᠦᠯᠬᠦ ᠲᠣᠭᠲᠠᠴᠠ ᠶᠢ ᠬᠡᠷᠡᠭᠯᠡᠨ᠂ ᠦᠨᠡᠨ ᠬᠦ ᠰᠠᠶᠢᠨ ᠠᠵᠢᠯᠯᠠᠭᠰᠠᠨ | ᠭᠤᠣᠯ ᠴᠣᠭᠴᠠ ᠶᠢ ᠴᠣᠯᠭᠤᠷᠠᠭᠤᠯᠵᠤ᠂ ︽ᠠᠵᠢᠨᠠᠢ ᠬᠦᠯᠦᠭ︾ ᠢᠶᠠᠷ ᠰᠣᠩᠭᠤᠨ ᠭᠠᠷᠭᠠᠬᠤ ᠶᠢ ᠵᠢᠭᠠᠵᠤ ᠪᠣᠶ᠃ | ᠲᠤᠰ ᠤᠳᠠᠭᠠᠨ ᠤ ︽ᠮᠣᠷᠢᠨ ᠤᠷᠤᠯᠳᠤᠭᠠᠨ ᠤ ᠳᠦᠷᠢᠮ︾ ᠢ ᠬᠡᠷᠡᠭᠯᠡᠵᠦ ᠨᠡᠶᠢᠲᠡᠯᠡᠭᠰᠡᠨ 2 ᠨᠡᠷᠡᠰ ᠤᠨ | ᠵᠢᠭᠰᠠᠭᠠᠯᠲᠠ ᠤᠨ ᠨᠢᠭᠡ ᠨᠢ ︽ᠥᠪᠥᠷ ᠮᠣᠩᠭᠤᠯ ᠣᠷᠣᠨ ᠤ ᠠᠯᠠᠰᠢᠨ ᠦᠬᠡᠷ ᠤᠨ ᠭᠤᠣᠯᠯᠠᠬᠤ ᠡᠭᠦᠯᠳᠡᠷ ᠤᠨ | ᠪᠠᠶᠢᠭᠤᠯᠤᠯᠲᠠ ᠬᠢᠭᠡᠳ ᠰᠢᠨ᠎ᠡ ᠡᠭᠦᠯᠳᠡᠷ ᠤᠨ ᠪᠤᠶᠢᠵᠢᠭᠤᠯᠤᠯᠲᠠ︾ ᠶᠢᠨ ᠨᠡᠷᠡᠰ ᠤᠨ ᠵᠢᠭᠰᠠᠭᠠᠯᠲᠠ ᠪᠣᠯᠣᠨ᠎ᠠ᠂ | ᠡᠭᠦᠨ ᠳᠤ ᠨᠤᠲᠤᠭ ᠪᠡᠯᠴᠢᠭᠡᠷ ᠪᠠ ᠦᠬᠡᠷ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠠᠴᠠ ᠲᠦᠷᠦᠭᠦᠯᠡᠨ | ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠤᠨ ᠣᠲᠣ ᠦᠶ᠎ᠡ ᠶᠢᠨ | ᠡᠭᠦᠯᠳᠡᠷ ᠤᠨ ᠦᠢᠯᠡᠰ ᠤᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ ᠥᠪᠥᠷ | ᠮᠣᠩᠭᠤᠯ ᠤᠨ ᠺᠤᠸᠠᠢ ᠨᠢᠦ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠠᠴᠠ ᠲᠦᠷᠦᠭᠦᠯᠡᠨ | ᠪᠠᠶᠢᠭᠤᠯᠤᠭᠰᠠᠨ ᠦᠬᠡᠷ ᠤᠨ ᠤᠳᠤᠮᠯᠠᠯ ᠤᠨ ᠰᠠᠶᠢᠵᠢᠷᠠᠭᠤᠯᠤᠯᠲᠠ ᠬᠢᠭᠡᠳ ᠠᠮᠢᠳᠤ ᠪᠣᠳᠠᠰ ᠤᠨ ᠡᠭᠦᠯᠳᠡᠷ | ᠪᠤᠶᠢᠵᠢᠭᠤᠯᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠡᠷᠭᠡ ᠪᠠᠷ ᠨᠡᠶᠢᠲᠡᠯᠡᠪᠡ︔ ᠨᠥᠭᠦᠭᠡ ᠨᠢᠭᠡ ᠨᠢ ︽ | ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠦᠷ᠎ᠡ ᠶᠢ ᠰᠣᠩᠭᠤᠨ ᠪᠤᠶᠢᠵᠢᠭᠤᠯᠬᠤ ᠵᠢᠴᠢ ᠠᠵᠤ ᠦᠢᠯᠡᠰᠵᠢᠭᠦᠯᠦᠨ | ᠵᠢᠱᠢᠶ᠎ᠡ ᠦᠵᠡᠭᠦᠯᠬᠦ︾ ᠨᠡᠷᠡᠰ ᠤᠨ ᠵᠢᠭᠰᠠᠭᠠᠯᠲᠠ ᠪᠣᠯᠣᠨ᠎ᠠ᠂ ᠡᠭᠦᠨ ᠳᠤ ᠮᠧᠩ ᠼᠣᠣ ᠠᠮᠢ ᠠᠬᠤᠢ ᠶᠢᠨ ᠣᠷᠴᠢᠨ | ᠲᠣᠭᠤᠷᠢᠨ ︵ᠪᠦᠯᠦᠭᠯᠡᠯ︶ ᠤ ᠬᠤᠪᠢᠴᠠᠭᠠᠲᠤ ᠬᠢᠵᠠᠭᠠᠷᠲᠤ ᠺᠣᠮᠫᠠᠨᠢ ᠠᠴᠠ ᠲᠦᠷᠦᠭᠦᠯᠡᠨ ᠪᠠᠶᠢᠭᠤᠯᠤᠭᠰᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠬᠤᠯᠪᠣᠭᠠᠲᠤ ᠴᠣᠭᠴᠠ᠂ ᠥᠪᠥᠷ ᠮᠣᠩᠭᠤᠯ ᠤᠨ ᠢ ᠾᠧ ᠯᠢᠦᠢ ᠶᠢᠨ ᠲᠠᠷᠢᠶᠠᠯᠠᠩ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠠᠴᠠ ᠲᠦᠷᠦᠭᠦᠯᠡᠨ ᠪᠠᠶᠢᠭᠤᠯᠤᠭᠰᠠᠨ ᠥᠪᠥᠷ ᠮᠣᠩᠭᠤᠯ ᠤᠨ ᠴᠠᠷᠭᠠᠰᠤ ᠶᠢᠨ ᠦᠷ᠎ᠡ ᠶᠢᠨ | ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠡᠷᠭᠡ ᠪᠠᠷ ᠨᠡᠶᠢᠲᠡᠯᠡᠪᠡ᠃ | ︽ᠮᠣᠷᠢᠨ ᠤᠷᠤᠯᠳᠤᠭᠠᠨ︾ ᠤ ᠳᠦᠷᠢᠮ ᠢ ᠬᠡᠷᠡᠭᠵᠢᠭᠦᠯᠬᠦ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ︽ᠵᠠᠷᠯᠠᠨ ᠮᠠᠩᠯᠠᠶᠢᠯᠠᠭᠤᠯᠬᠤ︾ | ᠳᠦᠷᠢᠮ ᠢ ᠬᠡᠷᠡᠭᠵᠢᠭᠦᠯᠦᠭᠰᠡᠨ ᠤ ᠳᠠᠷᠠᠭᠠᠬᠢ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠢᠯ ᠢ ᠵᠣᠬᠢᠶᠠᠨ ᠪᠠᠶᠢᠭᠤᠯᠵᠤ ᠬᠠᠮᠢᠶᠠᠷᠬᠤ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠰᠠ ᠨᠢᠭᠡᠨ | ᠠᠰᠢᠭᠲᠠᠢ ᠰᠦᠪᠡᠭᠴᠢᠯᠡᠯᠲᠡ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ︽ᠮᠣᠷᠢᠨ ᠤᠷᠤᠯᠳᠤᠭᠠᠨ ᠤ ᠳᠦᠷᠢᠮ︾ ᠢ ᠡᠬᠢᠯᠡᠨ ᠬᠡᠷᠡᠭᠯᠡᠬᠦ ᠨᠢ ᠨᠢᠭᠡ | ᠲᠠᠯ᠎ᠠ ᠪᠠᠷ ᠮᠡᠷᠭᠡᠵᠢᠯ ᠰᠣᠩᠭᠤᠬᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠨᠥᠭᠦᠭᠡ ᠲᠠᠯ᠎ᠠ ᠪᠠᠷ ᠲᠥᠷᠥᠯ | ᠵᠦᠢᠯ ᠤᠨ ᠠᠮᠵᠢᠯᠲᠠ ᠣᠯᠬᠤ ᠨᠣᠷᠮ᠎ᠠ ᠪᠠ ᠵᠠᠷᠤᠳᠠᠯ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠳᠠ ᠰᠢᠪᠲᠤᠯᠤᠯᠲᠠ ᠳᠤ ᠭᠠᠭᠴᠠ ᠭᠤᠣᠯ ᠴᠣᠭᠴᠠ ᠠᠴᠠ ᠣᠯᠠᠨ | ᠡᠰᠢᠵᠢᠭᠰᠡᠨ ᠥᠷᠢᠰᠦᠯᠳᠦᠭᠡᠨ ᠤ ᠭᠤᠣᠯ ᠴᠣᠭᠴᠠ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ ᠴᠢᠳᠠᠨ᠎ᠠ᠃ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠳᠤ᠂ ᠵᠡᠷᠭᠡᠴᠡᠭᠡ ᠪᠠᠷ ᠲᠤᠰᠠᠯᠠᠬᠤ ᠶᠢ ᠬᠡᠷᠡᠭᠵᠢᠭᠦᠯᠦᠨ᠎ᠡ︔ ᠲᠥᠷᠥᠯ ᠵᠦᠢᠯ ᠢ | ᠬᠡᠷᠡᠭᠵᠢᠭᠦᠯᠬᠦ ᠶᠠᠪᠤᠴᠠ ᠳᠤ᠂ ᠴᠠᠭ ᠵᠠᠩᠭᠢᠶᠠᠰᠤ ᠶᠣᠰᠤᠭᠠᠷ ᠬᠢᠨᠠᠯᠲᠠ ᠲᠠᠯᠪᠢᠵᠤ ᠬᠢᠨᠠᠨ ᠰᠢᠯᠭᠠᠵᠤ᠂ ᠰᠢᠯᠢᠳᠡᠭ ᠢ ᠨᠢ | ᠰᠢᠯᠢᠭᠳᠡᠭᠦᠯᠵᠦ ᠰᠢᠭᠠᠷᠤ ᠶᠢ ᠨᠢ ᠰᠢᠭᠰᠢᠭᠳᠡᠭᠦᠯᠵᠦ᠂ ᠡᠭᠦᠷᠭᠡ ᠪᠠᠨ ᠪᠡᠶᠡᠯᠡᠭᠦᠯᠵᠦ ᠳᠡᠶᠢᠯᠬᠦ ᠦᠭᠡᠢ ︽ᠠᠨᠠᠢ ᠮᠣᠷᠢ︾ | ᠶᠢ ᠴᠠᠭ ᠲᠤᠬᠠᠢ ᠳᠤ ᠨᠢ ᠵᠣᠭᠰᠣᠭᠠᠵᠤ᠂ ︿ᠮᠣᠷᠢ ᠤᠷᠤᠯᠳᠤᠬᠤ﹀ ᠵᠣᠷᠢᠯᠭ᠎ᠠ ᠳᠤ ᠬᠦᠷᠦᠭᠦᠯᠬᠦ ᠬᠡᠷᠡᠭᠲᠡᠢ︔ | ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠳᠤ᠂ ᠰᠢᠨ᠎ᠡ ᠶᠢ ᠡᠭᠦᠳᠬᠦ ᠳᠠᠪᠠᠭᠤᠯᠢᠭ ᠭᠤᠣᠯ ᠴᠣᠭᠴᠠ ᠳᠤ | ᠠᠩᠬᠠᠷᠤᠯ ᠢᠶᠠᠨ ᠲᠥᠪᠯᠡᠷᠡᠭᠦᠯᠵᠦ᠂ ᠰᠤᠳᠤᠯᠭᠠᠨ ᠤ ᠪᠦᠯᠬᠦᠮ ᠤᠨ ᠡᠴᠦᠰ ᠤᠨ ︽ᠰᠢᠪᠲᠤᠯᠤᠯᠲᠠ︾ ᠶᠢ ᠦᠨᠡᠨ ᠬᠦ | ᠪᠠᠲᠤᠯᠠᠨ᠎ᠠ ᠭᠡᠵᠡᠢ᠃ |