6 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ︽ᠠᠶᠤᠯ ᠦᠭᠡᠢ | ᠦᠢᠯᠡᠳᠪᠦᠷᠢᠯᠡᠯ ᠤᠨ ᠰᠠᠷ᠎ᠠ︾ ᠪᠠ ︽ᠠᠶᠤᠯ ᠦᠭᠡᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ᠤᠨ | ᠠᠵᠢᠯᠯᠠᠭ᠎ᠠ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ | ᠶᠣᠰᠣᠯᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠨ᠎ᠡ ᠪᠠᠷ ᠪᠠᠶᠢᠭᠤᠯᠤᠭᠳᠠᠭᠰᠠᠨ ᠪᠠᠴᠢᠮ ᠪᠠᠶᠢᠳᠠᠯ ᠢ ᠠᠷᠭᠠᠴᠠᠭᠠᠨ | ᠠᠪᠤᠷᠠᠨ ᠲᠤᠰᠠᠯᠠᠬᠤ 6 ᠡᠩᠨᠡᠭᠡᠨ ᠳᠤ ᠲᠤᠭ ᠭᠠᠷᠳᠠᠭᠤᠯᠪᠠ᠃ | ᠬᠤᠸᠠᠩ ᡁᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠠᠶᠤᠯ ᠦᠭᠡᠢ ᠦᠢᠯᠡᠳᠪᠦᠷᠢᠯᠡᠯ ᠤᠨ ᠪᠦᠬᠦ ᠶᠠᠪᠤᠴᠠ ᠪᠠ ᠡᠯ᠎ᠡ | ᠭᠤᠭᠴᠤᠭ᠎ᠠ ᠳᠤ ᠲᠤᠭᠤᠰᠢᠯᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠬᠢᠭᠡᠳ ᠠᠶᠤᠯ | ᠦᠭᠡᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠮᠢ ᠨᠠᠰᠤᠨ ᠳᠤ ᠲᠦᠢᠯ ᠢᠶᠠᠷ | ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠢ ᠢᠮᠠᠭᠲᠠ ᠬᠥᠮᠦᠨ ᠤ ᠠᠮᠢ ᠨᠠᠰᠤᠨ ᠳᠤ ᠬᠤᠯᠪᠣᠭᠳᠠᠬᠤ | ᠲᠡᠷᠢᠭᠦᠨ ᠴᠢᠬᠤᠯᠠ ᠶᠠᠪᠤᠳᠠᠯ ᠪᠣᠯᠭᠠᠬᠤ ᠬᠡᠷᠡᠭᠲᠡᠶ᠃ ᠨᠡᠶᠢᠭᠡᠮ ᠳᠤ ᠲᠦᠢᠯ ᠢᠶᠠᠷ ᠬᠠᠷᠢᠭᠤᠴᠠᠵᠤ᠂ ᠠᠮᠤᠷ | ᠲᠣᠭᠲᠠᠭᠤᠨ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠢᠳᠡᠪᠬᠢᠲᠡᠶ ᠪᠠᠷ | ᠬᠠᠮᠠᠭᠠᠯᠠᠬᠤ ᠬᠡᠷᠡᠭᠲᠡᠶ᠃ ᠠᠵᠤ ᠠᠬᠤᠶᠢᠯᠠᠯ ᠳᠤ ᠲᠦᠢᠯ ᠢᠶᠠᠷ ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ ᠭᠡᠷ ᠤᠨ ᠬᠥᠮᠦᠰ ᠲᠤ ᠪᠠᠨ | ᠲᠦᠢᠯ ᠢᠶᠠᠷ ᠬᠠᠷᠢᠭᠤᠴᠠᠵᠤ᠂ ᠬᠥᠮᠦᠨ ᠪᠦᠬᠦᠨ ᠠᠮᠤᠷ ᠲᠦᠪᠰᠢᠨ ᠢ ᠪᠠᠲᠤ ᠴᠡᠭᠡᠵᠢᠯᠡᠬᠦ᠂ ᠠᠮᠤᠷ ᠲᠦᠪᠰᠢᠨ ᠢ | ᠬᠠᠮᠠᠭᠠᠯᠠᠬᠤ ᠳᠤ ᠣᠷᠣᠯᠴᠠᠬᠤ᠂ ᠠᠮᠤᠷ ᠲᠦᠪᠰᠢᠨ ᠳᠤ ᠬᠢᠨᠠᠯᠲᠠ ᠲᠠᠯᠪᠢᠬᠤ ᠬᠦᠴᠦᠷᠬᠡᠭ ᠶᠡᠭᠡ ᠬᠠᠮᠲᠤᠷᠠᠯ | ᠬᠦᠴᠦᠨ ᠢ ᠪᠦᠷᠢᠯᠳᠦᠭᠦᠯᠬᠦ ᠬᠡᠷᠡᠭᠲᠡᠢ ᠭᠡᠯᠡ᠃ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠪᠠᠴᠢᠮ ᠪᠠᠶᠢᠳᠠᠯ ᠢ ᠠᠷᠭᠠᠴᠠᠭᠠᠨ | ᠠᠪᠤᠷᠠᠨ ᠲᠤᠰᠠᠯᠠᠬᠤ ᠡᠩᠨᠡᠭᠡ ᠪᠠ ᠬᠠᠮᠢᠶ᠎ᠠ ᠪᠥᠬᠦᠶ ᠠᠵᠤ ᠠᠬᠤᠶᠢᠯᠠᠯ ᠤᠳ ᠤᠨ ᠲᠥᠯᠦᠭᠡᠯᠡᠭᠴᠢᠳ ᠠᠵᠢᠯᠯᠠᠭ᠎ᠠ ᠳᠤ | ᠣᠷᠤᠯᠴᠠᠵᠠᠢ᠃ |